ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠲᠤ 38 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠵᠦ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠬᠦᠷᠢᠶᠡᠨ ᠳᠠᠬᠢ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠤᠭᠤᠰᠤᠨ ᠢ ᠨᠥᠬᠦᠪᠦᠷᠢᠯᠡᠪᠡ
ᠰᠢᠨᠵᠢᠯᠡᠭᠡᠨ ᠤ ᠲᠤᠰᠬᠠᠢ ᠮᠡᠷᠭᠡᠵᠢᠯ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠣᠭᠲᠠᠯᠴᠠᠭᠠᠨ ᠤ ᠭᠤᠣᠯ ᠲᠤᠯᠭᠠᠭᠤᠷᠢ᠂ ᠮᠥᠨ ᠴᠤ ᠴᠢᠳᠠᠪᠤᠷᠢᠲᠠᠨ ᠬᠥᠮᠥᠵᠢᠭᠦᠯᠬᠦ ᠰᠠᠭᠤᠷᠢ ᠲᠠᠪᠴᠠᠩ ᠪᠣᠯᠣᠨ᠎ᠠ ᠂ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠪᠠ ᠶᠠᠰᠤ ᠴᠢᠨᠠᠷ ᠨᠢ ᠶᠡᠭᠡ ᠳᠡᠭᠡᠳᠦ ᠰᠤᠷᠭᠠᠭᠤᠯᠢ ᠶᠢᠨ ᠶᠣᠰᠣ ᠰᠤᠷᠲᠠᠬᠤᠨ ᠲᠣᠭᠲᠠᠭᠠᠵᠤ ᠬᠥᠮᠥᠨ ᠬᠥᠮᠥᠵᠢᠭᠦᠯᠬᠦ ᠦᠷ᠎ᠡ ᠪᠦᠲᠦᠮᠵᠢ ᠪᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠰᠢᠭᠤᠳ ᠨᠥᠯᠥᠭᠡᠯᠡᠳᠡᠭ᠃ ᠡᠨᠡ ᠵᠢᠯ ᠠᠴᠠ ᠨᠠᠭᠠᠰᠢ ᠂ ᠰᠤᠷᠭᠠᠨ ᠬᠥᠮᠦᠵᠢᠯ ᠤᠨ ᠲᠢᠩᠬᠢᠮ ᠠᠴᠠ 《2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠨᠦᠭᠦᠳ ᠤᠨ ᠲᠣᠭᠤᠷᠢᠨ ᠳᠤ 《ᠰᠤᠷᠭᠠᠨ ᠬᠥᠮᠦᠵᠢᠯ ᠢᠶᠠᠷ ᠴᠢᠳᠠᠪᠤᠷᠢᠲᠠᠨ ᠬᠥᠮᠥᠵᠢᠭᠦᠯᠬᠦ》ᠳᠤᠲᠠᠭᠳᠠᠯ ᠢ ᠨᠥᠬᠦᠪᠦᠷᠢᠯᠡᠬᠦ ᠪᠠᠷ ᠬᠦᠴᠦᠯᠡᠬᠦ ᠴᠡᠭ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ ᠃ ᠰᠤᠷᠭᠠᠨ ᠬᠥᠮᠦᠵᠢᠯ ᠤᠨ ᠲᠢᠩᠬᠢᠮ ᠤᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠤᠷᠢᠳ ᠬᠤᠵᠢᠳ 3 ᠤᠳᠠᠭ᠎ᠠ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠳᠤ ᠬᠦᠷᠴᠦ ᠰᠠᠨᠠᠭᠠᠴᠢᠯᠠᠭ᠎ᠠ ᠠᠴᠠ ᠪᠠᠨ ᠵᠥᠪᠳᠡᠯᠴᠡᠵᠦ ᠂ ᠳᠡᠮᠵᠢᠯᠭᠡ ᠣᠯᠬᠤ ᠪᠠᠷ ᠢᠳᠡᠪᠬᠢᠲᠡᠢ ᠴᠢᠷᠮᠠᠶᠢᠵᠠᠢ ᠃
4 ᠳ᠋ᠦ᠋ᠭᠡᠷ ᠰᠠᠷ᠎ᠠ ᠶᠢᠨ 12 ᠤᠨ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ 2022 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠪᠦᠷᠢᠳᠬᠡᠨ ᠳᠠᠩᠰᠠᠯᠠᠭᠰᠠᠨ ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠳᠣᠷᠣᠭᠰᠢ ᠪᠠᠭᠤᠯᠭᠠᠵᠤ᠂ ᠮᠠᠨ ᠤ ᠣᠷᠣᠨ ᠤ 12 ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠳᠤ ᠵᠢᠩᠬᠢᠨᠢ ᠠᠩᠭᠢ ᠶᠢᠨ 38 ᠲᠤᠰᠬᠠᠢ ᠮᠡᠷᠭᠡᠵᠢᠯ︵ᠡᠭᠦᠨ ᠳᠤ ᠪᠦᠷᠢᠳᠬᠡᠨ ᠳᠠᠩᠰᠠᠯᠠᠭᠰᠠᠨ ᠲᠤᠰᠬᠠᠢ ᠮᠡᠷᠭᠡᠵᠢᠯ 35᠂ ᠬᠢᠨᠠᠨ ᠵᠥᠪᠰᠢᠶᠡᠷᠡᠭᠰᠡᠨ ᠲᠤᠰᠬᠠᠢ ᠮᠡᠷᠭᠡᠵᠢᠯ 3 ᠪᠣᠶ︶ ᠢ ᠰᠢᠨ᠎ᠡ ᠪᠠᠷ ᠨᠡᠮᠡᠵᠦ᠂ ᠵᠢᠩᠬᠢᠨᠢ ᠠᠩᠭᠢ ᠶᠢᠨ 21 ᠲᠤᠰᠬᠠᠢ ᠮᠡᠷᠭᠡᠵᠢᠯ ᠢ ᠬᠠᠰᠤᠵᠠᠢ ᠃ ᠵᠢᠩᠬᠢᠨᠢ ᠠᠩᠭᠢ ᠶᠢᠨ ᠰᠢᠨ᠎ᠡ ᠪᠠᠷ ᠨᠡᠮᠡᠭᠳᠡᠭᠰᠡᠨ 38 ᠲᠤᠰᠬᠠᠢ ᠮᠡᠷᠭᠡᠵᠢᠯ ᠤᠨ ᠳᠣᠲᠣᠷ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠣᠶᠣᠨᠯᠢᠭ ᠠᠭᠤᠷᠬᠠᠢ ᠮᠠᠯᠲᠠᠬᠤ ᠢᠨᠵᠧᠨᠧᠷᠢᠩ᠂ ᠰᠢᠨ᠎ᠡ ᠡᠨᠧᠷᠭᠢ ᠶᠢᠨ ᠮᠠᠲ᠋ᠧᠷᠢᠶᠠᠯ ᠪᠠ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠪᠠ ᠬᠠᠮᠢᠶᠠᠷᠤᠯᠲᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠪᠠ ᠢᠨᠵᠧᠨᠧᠷᠢᠩ᠂ ᠴᠢᠳᠠᠮᠵᠢᠲᠤ ᠮᠠᠲ᠋ᠧᠷᠢᠶᠠᠯ᠂ ᠨᠢᠰᠦᠭᠦᠷ ᠤᠨ ᠵᠢᠷᠤᠭ ᠲᠥᠯᠥᠪᠯᠡᠭᠡ ᠪᠠ ᠢᠨᠵᠧᠨᠧᠷᠢᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠣᠶᠣᠨᠯᠢᠭ ᠲᠣᠨᠤᠭ ᠲᠦᠭᠦᠭᠡᠷᠦᠮᠵᠢ ᠶᠢᠨ ᠢᠨᠵᠧᠨᠧᠷᠢᠩ᠂ ᠣᠶᠣᠨᠴᠢ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠣᠶᠣᠨᠴᠢ ᠣᠶ ᠰᠢᠭᠤᠢ᠂ ᠣᠶᠣᠨᠴᠢ ᠲᠡᠭᠡᠭᠡᠪᠦᠷᠢ ᠶᠢᠨ ᠢᠨᠵᠧᠨᠧᠷᠢᠩ᠂ ᠮᠣᠳᠣᠨ ᠪᠦᠲᠦᠴᠡᠲᠦ ᠪᠠᠷᠢᠯᠭ᠎ᠠ ᠬᠢᠭᠡᠳ ᠮᠠᠲ᠋ᠧᠷᠢᠶᠠᠯ ᠵᠡᠷᠭᠡ 20 ᠲᠤᠰᠬᠠᠢ ᠮᠡᠷᠭᠡᠵᠢᠯ ᠢ ᠠᠩᠬ᠎ᠠ ᠤᠳᠠᠭ᠎ᠠ ᠮᠠᠨ ᠤ ᠣᠷᠣᠨ ᠳᠤ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠬᠦᠷᠢᠶᠡᠨ ᠳᠠᠬᠢ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢᠨ ᠬᠤᠭᠤᠰᠤᠨ ᠢ ᠨᠥᠬᠦᠪᠦᠷᠢᠯᠡᠪᠡ ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠣᠭᠠᠴᠢᠯᠠᠭᠰᠠᠨ ᠰᠣᠶᠣᠯ ᠢᠷᠭᠡᠨᠰᠢᠯ ᠤᠨ ᠲᠤᠰᠬᠠᠢ ᠮᠡᠷᠭᠡᠵᠢᠯ ᠨᠢ ᠭᠠᠷᠴᠠᠭ ᠠᠴᠠ ᠭᠠᠳᠠᠨᠠᠬᠢ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠪᠠᠷ ᠵᠥᠪᠰᠢᠶᠡᠷᠡᠭᠳᠡᠵᠦ ᠂ ᠲᠤᠰ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠲᠣᠬᠢᠷᠠᠭᠤᠯᠤᠭᠰᠠᠨ ᠪᠦᠬᠦ ᠤᠯᠤᠰ ᠲᠠᠬᠢ ᠠᠩᠬᠠᠳᠠᠭᠴᠢ ᠳᠡᠭᠡᠳᠦ ᠵᠡᠷᠭᠡ ᠶᠢᠨ ᠰᠤᠷᠭᠠᠭᠤᠯᠢ ᠪᠣᠯᠵᠠᠢ ᠃
ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ《ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠲᠥᠰᠥᠯ》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠢ ᠵᠢᠯᠣᠭᠤᠳᠤᠨ ᠤᠯᠤᠰ ᠪᠠ ᠣᠷᠣᠨ ᠪᠦᠰᠡ ᠶᠢᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠵᠣᠯᠭᠠᠭᠤᠯᠵᠤ᠂ ᠰᠢᠨᠵᠢᠯᠡᠭᠡᠨ ᠤ ᠲᠤᠰᠬᠠᠢ ᠮᠡᠷᠭᠡᠵᠢᠯ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠳᠠᠪᠤᠷᠢᠲᠠᠳ ᠢ ᠪᠡᠶ᠎ᠡ ᠪᠠᠨ ᠳᠠᠭᠠᠭᠠᠵᠤ ᠬᠦᠮᠦᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠨᠢᠭᠡ ᠳᠤ ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ 》 ᠢ ᠲᠣᠭᠲᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ 《ᠲᠠᠪᠤᠨ ᠶᠡᠭᠡ ᠡᠭᠦᠷᠭᠡ》 ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠲᠠᠯ᠎ᠠ ᠪᠠᠷ ᠴᠢᠷᠮᠠᠶᠢᠨ ᠠᠵᠢᠯᠯᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠤᠨ᠎ᠠ ᠃
ᠬᠤᠶᠠᠷ ᠲᠤ ᠂ ᠰᠢᠨᠵᠢᠯᠡᠭᠡᠨ ᠤ ᠲᠤᠰᠬᠠᠢ ᠮᠡᠷᠭᠡᠵᠢᠯ ᠤᠨ ᠵᠣᠬᠢᠴᠠᠬᠤ ᠴᠢᠨᠠᠷᠲᠠᠢ ᠲᠣᠬᠢᠷᠠᠭᠤᠯᠤᠯᠲᠠ᠂ ᠠᠯᠤᠰ ᠬᠡᠳᠦ ᠶᠢᠨ ᠴᠢᠨᠠᠷᠲᠠᠢ ᠪᠠᠶᠢᠷᠢᠯᠠᠭᠤᠯᠤᠯᠲᠠ ᠪᠠ ᠪᠦᠲᠦᠴᠡ ᠶᠢᠨ ᠴᠢᠨᠠᠷᠲᠠᠢ ᠬᠤᠪᠢᠰᠤᠯᠲᠠ ᠶᠢ ᠦᠷᠭᠦᠯᠵᠢᠯᠡᠨ ᠠᠬᠢᠭᠤᠯᠵᠤ᠂ ᠰᠢᠨ᠎ᠡ ᠮᠡᠷᠭᠡᠵᠢᠯ ᠂ ᠰᠢᠨ᠎ᠡ ᠠᠵᠤ ᠦᠢᠯᠡᠰ ᠂ ᠰᠢᠨ᠎ᠡ ᠡᠵᠡᠩᠨᠡᠯᠲᠡ ᠶᠢᠨ ᠪᠠᠶᠢᠳᠠᠯ ᠲᠠᠢ ᠵᠣᠬᠢᠴᠠᠯᠳᠤᠬᠤ ᠨᠢᠭᠡ ᠪᠦᠯᠦᠭ ᠰᠢᠨᠵᠢᠯᠡᠭᠡᠨ ᠤ ᠲᠤᠰᠬᠠᠢ ᠮᠡᠷᠭᠡᠵᠢᠯ ᠤᠳ ᠢ ᠰᠢᠨ᠎ᠡ ᠪᠠᠷ ᠨᠡᠮᠡᠭᠳᠡᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠣᠬᠢᠴᠠᠬᠤ ᠦᠭᠡᠢ ᠨᠢᠭᠡ ᠪᠦᠯᠦᠭ ᠰᠢᠨᠵᠢᠯᠡᠭᠡᠨ ᠤ ᠲᠤᠰᠬᠠᠢ ᠮᠡᠷᠭᠡᠵᠢᠯ ᠤᠳ ᠢ ᠰᠢᠭᠰᠢᠭᠳᠡᠭᠦᠯᠵᠦ᠂ ᠨᠢᠭᠡ ᠪᠦᠯᠦᠭ ᠤᠯᠠᠮᠵᠢᠯᠠᠯᠲᠤ ᠲᠤᠰᠬᠠᠢ ᠮᠡᠷᠭᠡᠵᠢᠯ ᠤᠳ ᠢ ᠥᠭᠡᠷᠡᠴᠢᠯᠡᠨ ᠲᠡᠰ ᠳᠡᠪᠰᠢᠭᠦᠯᠵᠦ ᠂ ᠳ᠋ᠣᠺᠲ᠋ᠣᠷᠠᠨᠲ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠴᠡᠭ ᠤᠨ ᠪᠠᠶᠢᠷᠢᠰᠢᠭᠤᠯᠤᠯᠲᠠ ᠶᠢ ᠨᠡᠩ ᠰᠢᠯᠢᠳᠡᠭᠵᠢᠭᠦᠯᠵᠦ ᠂ 2025 ᠣᠨ ᠪᠣᠯᠬᠤ ᠳᠤ ᠂ ᠶᠡᠭᠡ ᠳᠡᠭᠡᠳᠦ ᠰᠤᠷᠭᠠᠭᠤᠯᠢ ᠶᠢᠨ 20% ᠣᠷᠴᠢᠮ ᠤᠨ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ ᠃
ᠭᠤᠷᠪᠠ ᠳᠤ ᠂ 《ᠳᠥᠷᠪᠡ ᠶᠢ ᠰᠢᠨ᠎ᠡ ᠪᠠᠷ ᠪᠠᠶᠢᠭᠤᠯᠬᠤ》ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠨ᠎ᠡ ᠢᠨᠵᠧᠨᠧᠷᠢᠩ ᠤᠨ ᠰᠢᠨᠵᠢᠯᠡᠬᠦ ᠤᠬᠠᠭᠠᠨ᠂ ᠰᠢᠨ᠎ᠡ ᠠᠨᠠᠭᠠᠬᠤ ᠶᠢᠨ ᠰᠢᠨᠵᠢᠯᠡᠬᠦ ᠤᠬᠠᠭᠠᠨ᠂ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠦᠲᠦᠭᠡᠨ ᠪᠠᠶᠢᠭᠤᠯᠤᠯᠲᠠ ᠪᠠᠷ ᠵᠢᠯᠤᠭᠤᠳᠤᠮᠵᠢ ᠪᠣᠯᠭᠠᠨ ᠂ ᠣᠲᠣ ᠶᠢᠨ ᠪᠠᠶᠢᠭ᠎ᠠ ᠪᠠᠶᠢᠭᠠᠯᠢ ᠂ ᠢᠨᠵᠧᠨᠧᠷᠢᠩ᠂ ᠲᠠᠷᠢᠶᠠᠯᠠᠩ ᠂ ᠠᠨᠠᠭᠠᠬᠤ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠢ ᠮᠡᠷᠭᠡᠵᠢᠯ ᠤᠳ ᠤᠨ ᠭᠦᠨᠵᠡᠭᠡᠢ ᠰᠣᠯᠪᠢᠴᠠᠨ ᠠᠭᠤᠰᠤᠯᠴᠠᠵᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠢᠨᠵᠧᠨᠧᠷᠢᠩ ᠤᠨ ᠰᠢᠨᠵᠢᠯᠡᠬᠦ ᠤᠬᠠᠭᠠᠨ᠂ 《ᠠᠨᠠᠭᠠᠬᠤ ᠶᠢᠨ ᠰᠢᠨᠵᠢᠯᠡᠬᠦ ᠤᠬᠠᠭᠠᠨ + X》 《X + ᠠᠨᠠᠭᠠᠬᠤ ᠶᠢᠨ ᠰᠢᠨᠵᠢᠯᠡᠬᠦ ᠤᠬᠠᠭᠠᠨ》᠂ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠤ ᠰᠣᠯᠪᠢᠴᠠᠭᠰᠠᠨ ᠰᠢᠨᠵᠢᠯᠡᠭᠡᠨ ᠤ ᠲᠤᠰᠬᠠᠢ ᠮᠡᠷᠭᠡᠵᠢᠯ ᠢ ᠬᠦᠭᠵᠢᠭᠦᠯᠵᠦ ᠂ 2025 ᠣᠨ ᠪᠣᠯᠬᠤ ᠳᠤ ᠪᠠᠶᠢᠭᠠᠯᠢ ᠂ ᠢᠨᠵᠧᠨᠧᠷᠢᠩ᠂ ᠲᠠᠷᠢᠶᠠᠯᠠᠩ ᠂ ᠠᠨᠠᠭᠠᠬᠤ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ 70% ᠠᠴᠠ ᠳᠠᠪᠠᠭᠤᠯᠵᠤ ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠲᠤ ᠴᠢᠳᠠᠪᠤᠷᠢᠲᠠᠨ ᠤ ᠳᠡᠮᠵᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠤᠯᠭᠠᠭᠤᠷᠢ ᠬᠠᠩᠭᠠᠨ᠎ᠠ᠃