ᠵᠤᠬᠢᠶᠠᠭᠴᠢ: ᠴᠠᠭ:2023-04-28 ᠥᠵᠡᠭᠰᠡᠨ : ᠢᠷᠡᠯᠲᠡ:   《 ᠥᠪᠥᠷ ᠮᠣᠩᠭᠤᠯ ᠤᠨ ᠡᠳᠦᠷ ᠤᠨ ᠰᠣᠨᠢᠨ》  
ᠮᠠᠨ ᠤ ᠣᠷᠣᠨ ᠤ ᠡᠯ᠎ᠡ ᠨᠢᠭᠡᠴᠢ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠬᠠᠯᠠᠭᠤᠨ ᠥᠷᠨᠢᠯᠲᠡ ᠭᠠᠷᠭᠠᠪᠠ

 

ᠣᠶᠢᠷ᠎ᠠ ᠶᠢᠨ ᠡᠳᠦᠷ ᠤᠳ ᠲᠤ ᠂ ᠮᠠᠨ ᠤ ᠣᠷᠣᠨ ᠤ ᠡᠯ᠎ᠡ ᠨᠢᠭᠡᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ   ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠶᠢᠨ᠎ᠠ ᠬᠤᠶᠢᠨ᠎ᠠ ᠠᠴᠠ ᠪᠠᠨ ᠬᠤᠷᠠᠯᠳᠤᠭᠤᠯᠵᠤ ᠂ ᠭᠤᠣᠯ ᠰᠡᠳᠦᠪᠲᠦ ᠬᠥᠮᠦᠵᠢᠯ ᠤᠨ ᠠᠵᠢᠯ ᠢ ᠳᠠᠶᠢᠴᠢᠯᠠᠨ ᠪᠠᠶᠢᠷᠢᠯᠠᠭᠤᠯᠵᠤ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ ᠃ ᠡᠯ᠎ᠡ ᠨᠢᠭᠡᠴᠢ ᠶᠢᠨ ᠬᠢᠨ ᠂ ᠲᠣᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠠᠨᠢᠵᠤ ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠨᠠᠷᠢᠨ ᠨᠢᠮᠪᠠᠢ ᠲᠣᠬᠢᠷᠠᠭᠤᠯᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠦᠨᠡᠨ ᠬᠦ ᠰᠤᠷᠤᠯᠴᠠᠵᠤ ᠦᠨᠡᠨ ᠬᠦ ᠬᠡᠷᠡᠭᠯᠡᠬᠦ ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠦᠶᠯᠡ ᠠᠵᠢᠯᠯᠠᠭ᠎ᠠ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠭᠤᠣᠯ ᠰᠡᠳᠦᠪᠲᠦ ᠬᠥᠮᠦᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠠᠬᠢᠵᠤ ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠲᠣᠭᠤᠷᠢᠨ ᠵᠢᠯᠤᠭᠤᠳᠬᠤ ᠳᠤᠭᠤᠶᠢᠯᠠᠩ ᠲᠤᠰ ᠲᠤᠰ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃

ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠂ ᠣᠨᠣᠯ ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠂ ᠬᠥᠭᠵᠢᠯᠲᠡ ᠶᠢ ᠠᠬᠢᠭᠤᠯᠬᠤ ᠂  ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠶᠢ ᠨᠠᠪᠲᠠᠷᠡᠭᠦᠯᠵᠦ ᠂ ᠣᠷᠭᠠᠨᠢᠭ ᠢᠶᠠᠷ ᠤᠶᠠᠯᠳᠤᠭᠤᠯᠤᠨ ᠂ ᠨᠢᠭᠡ ᠴᠣᠭᠴᠠᠵᠢᠭᠤᠯᠤᠨ ᠠᠬᠢᠭᠤᠯᠵᠤ ᠂ 《ᠦᠵᠡᠯ ᠰᠠᠨᠠᠭ᠎ᠠ ᠶᠢ ᠰᠤᠷᠤᠯᠴᠠᠵᠤ ᠂ ᠨᠠᠮᠴᠢ ᠴᠢᠨᠠᠷ ᠢᠶᠠᠨ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠵᠤ ᠂ ᠰᠢᠨ᠎ᠡ ᠭᠠᠪᠢᠶ᠎ᠠ ᠪᠠᠶᠢᠭᠤᠯᠬᠤ 》 ᠶᠢ ᠦᠨᠡᠨ ᠬᠦ ᠪᠡᠶᠡᠯᠡᠭᠦᠯᠦᠨ᠎ᠡ ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠯᠤᠭ᠎ᠠ ᠤᠶᠠᠯᠳᠤᠭᠤᠯᠵᠤ ᠂ ᠰᠣᠨᠢᠨ ᠤ ᠬᠤᠷᠢᠶ᠎ᠠ ᠶᠢᠨ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠵᠤ ᠂ ᠬᠤᠶᠠᠷ ᠲᠠᠯ᠎ᠠ ᠪᠠᠷ ᠠᠳᠬᠤᠵᠤ ᠂ ᠬᠤᠶᠠᠷ ᠢ ᠠᠬᠢᠭᠤᠯᠬᠤ ᠶᠢ ᠪᠡᠶᠡᠯᠡᠭᠦᠯᠦᠨ᠎ᠡ ᠃ ᠭᠤᠣᠯ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠮᠠᠨ ᠤ ᠣᠷᠣᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ ᠂ ᠠᠬᠢᠴᠠ ᠦᠷ᠎ᠡ ᠪᠦᠲᠦᠮᠵᠢ ᠂  ᠰᠢᠨ᠎ᠡ ᠶᠢ ᠡᠭᠦᠳᠦᠭᠰᠡᠨ ᠰᠡᠳᠬᠢᠮᠵᠢ ᠂ ᠥᠪᠡᠷᠮᠢᠴᠡ ᠠᠷᠭ᠎ᠠ ᠬᠢᠳᠡᠯ ᠢ ᠭᠦᠨᠵᠡᠭᠡᠢ ᠠᠭᠤᠳᠠᠯᠵᠤ ᠂ ᠪᠦᠷᠢᠨ ᠵᠠᠭᠤᠴᠢᠯᠠᠭᠤᠷ ᠤᠨ ᠮᠡᠳᠡᠭᠡᠯᠡᠯ ᠤᠨ ᠰᠦᠷ ᠬᠦᠴᠦᠨ ᠢ ᠪᠦᠷᠢᠯᠳᠦᠭᠦᠯᠵᠦ ᠂  ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠣᠯᠭᠠᠵᠤ ᠥᠭᠭᠦᠨ᠎ᠡ ᠭᠡᠵᠦ ᠴᠢᠬᠤᠯᠠᠴᠢᠯᠠᠪᠠ ᠃

ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠢᠨ ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ  ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃ ᠣᠨᠣᠯ ᠢᠶᠠᠷ ᠵᠡᠪᠰᠡᠭᠯᠡᠬᠦ ᠶᠢ ᠲᠠᠷᠢᠬᠢᠨ ᠳᠠᠭᠠᠨ ᠬᠠᠳᠠᠩᠰᠢᠭᠤᠯᠵᠤ ᠂ 《ᠳᠡᠭᠦᠯᠢᠯᠲᠡ ᠶᠠᠷᠢᠶᠠᠨ ᠤ ᠲᠠᠩᠬᠢᠮ》ᠵᠡᠷᠭᠡ ᠰᠤᠷᠤᠯᠴᠠᠯᠭ᠎ᠠ ᠶᠢᠨ ᠲᠥᠷᠥᠯ ᠲᠡᠮᠳᠡᠭ ᠢ ᠰᠠᠶᠢᠲᠤᠷ ᠡᠷᠭᠢᠯᠡᠵᠦ ᠂ ᠰᠤᠷᠤᠯᠴᠠᠨ ᠦᠢᠯᠡᠳᠦᠯᠭᠡᠵᠢᠭᠦᠯᠬᠦ ᠶᠢ ᠬᠤᠪᠢᠶᠠᠯᠴᠠᠬᠤ ᠬᠤᠷᠠᠯ ᠪᠠ ᠪᠣᠯᠪᠠᠰᠤᠷᠠᠯ ᠬᠦᠷᠲᠡᠭᠡᠬᠦ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠤᠨ᠎ᠠ ︔ ᠪᠠᠶᠢᠴᠠᠭᠠᠨ ᠰᠤᠳᠤᠯᠤᠯᠲᠠ ᠬᠢᠬᠦ ᠳᠤ ᠪᠣᠳᠠᠲᠠᠢ ᠶᠢ ᠡᠷᠬᠢᠮᠯᠡᠬᠦ ᠶᠢ ᠱᠠᠭᠠᠷᠳᠠᠵᠤ ᠂ 12 ᠲᠠᠯ᠎ᠠ ᠶᠢᠨ 40 ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠰᠤᠳᠤᠯᠭᠠᠨ ᠢ ᠠᠭᠢᠭᠤᠯᠤᠨ᠎ᠠ ︔ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠪᠥᠭᠡᠳ ᠪᠦᠲᠦᠮᠵᠢᠲᠡᠢ ᠪᠠᠶᠢᠵᠤ ᠂ ᠪᠦᠷᠢᠨ ᠵᠠᠭᠤᠴᠢᠯᠠᠭᠤᠷ ᠲᠤ 《ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠶ᠎ᠠ》᠂《 ᠬᠠᠷᠢᠭᠤᠯᠲᠠ ᠶᠢᠨ ᠬᠠᠭᠤᠳᠠᠰᠤ ᠶᠢ ᠤᠮᠠᠷᠠᠲᠤ ᠶᠢᠨ ᠡᠬᠡ ᠭᠠᠵᠠᠷ ᠳᠡᠭᠡᠷ᠎ᠡ ᠪᠢᠴᠢᠭᠯᠡᠶ᠎ᠡ 》ᠵᠡᠷᠭᠡ ᠫᠷᠣᠭ᠍ᠷᠠᠮ ᠪᠤᠯᠤᠩ ᠢ ᠨᠡᠭᠡᠭᠡᠵᠦ ᠰᠢᠭᠤᠳ ᠨᠡᠪᠲᠡᠷᠡᠭᠦᠯᠭᠡ ᠭᠢᠨ᠎ᠡ ︔ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠠᠭᠠᠨ ᠬᠠᠲᠠᠭᠤ ᠲᠠᠢ ᠨᠢ ᠬᠠᠯᠳᠠᠵᠤ ᠂ ᠰᠤᠷᠲᠠᠯ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ ᠂ 《ᠭᠤᠷᠪᠠᠨ ᠣᠯᠠᠨ ᠂ ᠭᠤᠷᠪᠠᠨ ᠴᠥᠭᠡᠨ ᠂ ᠭᠤᠷᠪᠠᠨ ᠤᠳᠠᠭᠠᠨ》ᠵᠡᠷᠭᠡ ᠲᠣᠪᠣᠶᠢᠮ᠎ᠠ ᠠᠰᠠᠭᠤᠳᠠᠯ ᠢ ᠦᠷᠭᠦᠯᠵᠢᠯᠡᠨ ᠰᠢᠶᠳᠪᠦᠷᠢᠯᠡᠨ᠎ᠡ ︔ ᠳᠦᠷᠢᠮ ᠲᠣᠭᠲᠠᠭᠠᠯ ᠲᠣᠭᠲᠠᠭᠠᠬᠤ ᠳᠠᠭᠠᠨ ᠪᠠᠶᠢᠩᠭᠤ ᠶᠢᠨ ᠪᠦᠲᠦᠮᠵᠢᠲᠡᠢ ᠪᠠᠶᠢᠵᠤ ᠂ ᠨᠢᠭᠡ ᠪᠦᠯᠦᠭ ᠲᠤᠰᠠᠲᠠᠢ ᠪᠦᠲᠦᠮᠵᠢᠲᠡᠢ ᠳᠦᠷᠢᠮ ᠢ ᠲᠣᠭᠲᠠᠭᠠᠨ ᠨᠡᠶᠢᠲᠡᠯᠡᠬᠦ ᠪᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠪᠠ ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠂ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ ᠂ 《ᠳᠥᠷᠪᠡᠨ ᠤᠬᠠᠮᠰᠠᠷ》 ᠢᠶᠠᠨ ᠴᠢᠩᠭᠠᠳᠬᠠᠵᠤ ᠂ 《ᠳᠥᠷᠪᠡᠨ ᠢᠲᠡᠭᠡᠯ》 ᠢᠶᠠᠨ ᠪᠠᠲᠤᠳᠬᠠᠵᠤ ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ ᠂  ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠵᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ ᠂  ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠵᠤ ᠂ ᠭᠤᠣᠯ ᠰᠡᠳᠦᠪᠲᠦ ᠬᠥᠮᠦᠵᠢᠯ ᠢ ᠦᠨᠡᠨ ᠬᠦ ᠡᠮᠨᠡᠯᠭᠡ ᠶᠢᠨ ᠬᠤᠷᠢᠶ᠎ᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠷᠠᠳ ᠤᠯᠠᠨ ᠤ ᠡᠷᠡᠭᠦᠯ ᠮᠠᠨᠳᠤ ᠳᠤ ᠦᠢᠯᠡᠴᠢᠯᠡᠬᠦ ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ ᠂ ᠡᠮᠨᠡᠯᠭᠡ ᠶᠢᠨ ᠬᠤᠷᠢᠶ᠎ᠠ ᠶᠢᠨ 《ᠨᠢᠭᠡ ᠴᠣᠭᠴᠠ ᠬᠤᠶᠠᠷ ᠵᠢᠭᠦᠷ ᠬᠤᠣᠰ ᠬᠥᠳᠡᠯᠭᠡᠭᠦᠷ》 ᠤᠨ ᠬᠥᠭᠵᠢᠯᠲᠡ ᠶᠢ ᠠᠬᠢᠭᠤᠯᠬᠤ ᠂ 《 ᠭᠤᠷᠪᠠᠨ ᠰᠠᠶᠢᠨ ᠬᠤᠶᠠᠷ ᠬᠠᠨᠤᠮᠵᠢᠲᠠᠢ ᠪᠠᠶᠢᠬᠤ》 ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ ᠃

ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠂  ᠭᠤᠣᠯ ᠰᠡᠳᠦᠪᠲᠦ ᠬᠥᠮᠦᠵᠢᠯ ᠢ ᠦᠨᠡᠨ ᠬᠦ ᠰᠠᠶᠢᠲᠤᠷ ᠲᠥᠯᠥᠪᠵᠢᠭᠦᠯᠵᠦ  ᠂ ᠰᠠᠶᠢᠲᠤᠷ ᠵᠣᠬᠢᠶᠠᠨ ᠪᠠᠶᠢᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ《ᠬᠤᠶᠠᠷ ᠢ ᠲᠣᠭᠲᠠᠭᠠᠭᠰᠠᠨ》 ᠢ ᠬᠠᠮᠠᠭᠠᠯᠠᠵᠤ᠂ 《ᠬᠤᠶᠠᠷ ᠢ ᠬᠠᠮᠠᠭᠠᠯᠠᠬᠤ 》 ᠶᠢ ᠦᠢᠯᠡᠳᠦᠯᠭᠡᠵᠢᠭᠦᠯᠦᠨ᠎ᠡ ᠃ 《ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ》ᠶᠡᠷᠦᠩᠬᠡᠢ ᠱᠠᠭᠠᠷᠳᠠᠯᠭ᠎ᠠ ᠪᠣᠯᠣᠨ 《 ᠰᠤᠷᠤᠯᠴᠠᠬᠤ ᠰᠡᠳᠬᠢᠬᠦ ᠬᠡᠷᠡᠭᠯᠡᠬᠦ ᠶᠢ  ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ》ᠦᠨᠳᠦᠰᠦᠨ ᠡᠭᠦᠷᠭᠡ  ᠶᠢ ᠪᠠᠲᠤ ᠡᠵᠡᠮᠳᠡᠵᠦ ᠂ ᠲᠠᠪᠤᠨ ᠶᠡᠭᠡ ᠡᠭᠦᠷᠭᠡ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠂  ᠰᠤᠷᠤᠯᠴᠠᠬᠤ ᠂ ᠰᠤᠳᠤᠯᠬᠤ ᠂ ᠪᠠᠶᠢᠴᠠᠭᠠᠬᠤ ᠂ ᠰᠠᠶᠢᠵᠢᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠢᠭᠡ ᠴᠣᠭᠴᠠᠵᠢᠭᠤᠯᠤᠨ ᠠᠬᠢᠭᠤᠯᠵᠤ ᠂ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠬᠠᠮᠲᠤ ᠳᠤᠨᠢ ᠪᠣᠳᠣᠯᠬᠢᠯᠠᠵᠤ ᠂ ᠬᠠᠮᠲᠤ ᠳᠤᠨᠢ  ᠪᠠᠶᠢᠷᠢᠯᠠᠭᠤᠯᠬᠤ ᠂ ᠬᠠᠮᠲᠤ ᠳᠤᠨᠢ ᠭᠦᠢᠴᠡᠳᠬᠡᠵᠦ ᠂ ᠠᠰᠠᠭᠤᠳᠠᠯ ᠢ ᠰᠢᠢᠳᠪᠦᠷᠢᠯᠡᠬᠦ ᠪᠠ ᠠᠵᠢᠯ ᠢ ᠠᠬᠢᠭᠤᠯᠬᠤ ᠶᠢ ᠬᠤᠶᠠᠷ ᠲᠠᠯ᠎ᠠ ᠪᠠᠷ ᠠᠳᠬᠤᠬᠤ ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠬᠦᠷᠢᠶᠡᠯᠡᠩ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠬᠠᠮᠲᠤ ᠪᠠᠷ ᠠᠬᠢᠭᠤᠯᠬᠤ ᠶᠢ ᠪᠡᠶᠡᠯᠡᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠶᠢ ᠬᠦᠯᠢᠶᠡᠰᠦᠯᠡᠵᠦ ᠪᠠᠶᠢᠭ᠎ᠠ《ᠪᠣᠭᠤᠮᠢ》ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠦᠢᠯᠡᠰ ᠤᠨ ᠨᠠᠩ ᠶᠡᠭᠡ ᠳᠠᠪᠰᠢᠯᠲᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃

 

 


   :                    
   :           
备案序号:蒙ICP备05003250号 公安备案15010502000173