ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠦᠨ ᠱᠤᠤ ᠴᠧᠩ ᠣᠷᠳᠣᠰ ᠬᠤᠳᠠ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
2023 4 ᠳ᠋ᠦ᠋ᠭᠡᠷ ᠰᠠᠷ᠎ᠠ ᠶᠢᠨ 20 ︱ 22 ᠤᠨ ᠡᠳᠦᠷ ᠂ ᠰᠦᠨ ᠱᠤᠤ ᠴᠧᠩ ᠬᠥᠮᠥᠨ ᠴᠥᠭᠡᠨ ᠬᠥᠰᠬᠡ ᠬᠥᠩᠭᠡᠨ ᠢᠶᠠᠷ ᠂ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠤᠨ ᠪᠠᠷ᠎ᠠ ᠪᠤᠯᠣᠯᠭ᠎ᠠ ᠦᠭᠡᠢ ᠪᠠᠷ ᠭᠢᠶ᠎ᠠ ᠪᠠᠭᠰᠢ ᠲᠣᠭᠤᠷᠢᠭ ᠪᠠ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠂ 《ᠨᠢᠭᠡᠳ ᠨᠢᠭᠡ ᠪᠠᠷ ᠪᠠᠶᠢᠴᠠᠭᠠᠨ ᠰᠢᠨᠵᠢᠯᠡᠵᠦ 》᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠠᠷᠭ᠎ᠠ ᠪᠣᠳᠣᠯᠭ᠎ᠠ ᠠᠰᠠᠭᠤᠪᠠ ᠃
《ᠳ᠋ᠥᠸᠧ ᠳ᠋ᠥᠸᠧ ᠫᠢᠩ》ᠪᠣᠯ ᠭᠢᠶ᠎ᠡ ᠪᠠᠭᠰᠢ ᠲᠣᠭᠤᠷᠢᠭ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠣᠶᠤᠨᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯᠣᠨ᠎ᠠ ᠃ ᠰᠦᠨ ᠱᠤᠤ ᠴᠧᠩ 《 ᠳ᠋ᠥᠸᠧ ᠳ᠋ᠥᠸᠧ ᠫᠢᠩ 》 ᠤᠨ ᠭᠤᠣᠯ ᠴᠢᠳᠠᠮᠵᠢ ᠪᠣᠯᠣᠨ ᠠᠵᠢᠯᠯᠠᠭᠠᠨ ᠤ ᠦᠷ᠎ᠡ ᠪᠦᠲᠦᠮᠵᠢ ᠶᠢ ᠨᠠᠷᠢᠨ ᠣᠶᠢᠯᠠᠭᠠᠬᠤ ᠶᠢᠨ ᠬᠠᠮᠲᠤ ᠵᠡᠭᠡᠯᠢ ᠳᠠᠭᠠᠤ ᠲᠡᠭᠦᠨ ᠤ ᠪᠣᠳᠠᠲᠠᠢ ᠬᠡᠷᠡᠭᠯᠡᠭᠡᠨ ᠤ ᠪᠠᠶᠢᠳᠠᠯ ᠢ ᠰᠤᠷᠪᠤᠯᠵᠢᠯᠠᠨ ᠣᠶᠢᠯᠠᠭᠠᠪᠠ ᠃ ᠲᠡᠷᠡ ᠂ ᠡᠨᠡ ᠬᠦ ᠲᠠᠪᠴᠠᠩ ᠮᠠᠰᠢ ᠰᠠᠶᠢᠨ ᠂ ᠬᠤᠲᠠ ᠶᠢᠨ ᠬᠠᠮᠢᠶᠠᠷᠤᠯᠲᠠ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠂ ᠢᠯᠠᠩᠭᠤᠶ᠎ᠠ ᠶᠣᠰᠣ ᠰᠤᠷᠲᠠᠬᠤᠨ ᠢᠶᠠᠷ ᠵᠠᠰᠠᠬᠤ ᠶᠢ ᠠᠬᠢᠭᠤᠯᠵᠤ ᠂ ᠡᠯ᠎ᠡ ᠲᠠᠯ᠎ᠠ ᠶᠢᠨ ᠬᠢᠨ ᠤ ᠦᠨᠳᠦᠰᠦᠨ ᠱᠠᠲᠤᠨ ᠤ ᠵᠠᠰᠠᠯᠲᠠ ᠳᠤ ᠬᠠᠮᠲᠤ ᠪᠠᠷ ᠣᠷᠤᠯᠴᠠᠬᠤ ᠶᠢ ᠠᠬᠢᠭᠤᠯᠬᠤ ᠲᠠᠯ᠎ᠠ ᠪᠠᠷ ᠥᠪᠡᠷᠮᠢᠴᠡ ᠦᠢᠯᠡᠳᠦᠯ ᠦᠵᠡᠭᠦᠯᠵᠦ ᠪᠠᠶᠢᠨ᠎ᠠ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢᠳᠡᠪᠬᠢᠲᠡᠢ ᠰᠤᠳᠤᠯᠤᠨ ᠳᠡᠯᠭᠡᠷᠡᠭᠦᠯᠬᠦ ᠬᠡᠷᠡᠭᠲᠡᠢ ᠭᠡᠪᠡ ᠃
ᠰᠦᠨ ᠱᠤᠤ ᠴᠧᠩ ᠲᠠᠰᠢᠷᠠᠮ ᠢᠶᠠᠷ 2 ᠵᠡᠭᠡᠯᠢ ᠭᠤᠳᠤᠮᠵᠢ ᠂ 5 ᠨᠡᠶᠢᠭᠡᠮ ᠲᠣᠭᠤᠷᠢᠭ ᠲᠤ ᠬᠦᠷᠴᠦ ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠵᠤ ᠂ ᠲᠣᠭᠤᠷᠢᠭ ᠂ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠪᠠ ᠃ ᠤᠳᠤ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠬᠠᠮᠤᠭ ᠤᠨ ᠲᠣᠪᠣᠶᠢᠮ᠎ᠠ ᠠᠰᠠᠭᠤᠳᠠᠯ ᠨᠢ ᠶᠠᠭᠤ ᠪᠤᠢ ᠂ ᠲᠠ ᠨᠠᠷ ᠶᠠᠮᠠᠷ ᠬᠦᠴᠢᠷᠳᠡᠯ ᠢ ᠳᠡᠭᠡᠳᠦ ᠱᠠᠲᠤᠨ ᠠᠴᠠ ᠬᠠᠪᠰᠤᠷᠤᠨ ᠰᠢᠢᠳᠪᠦᠷᠢᠯᠡᠵᠦ ᠥᠭᠬᠦ ᠶᠢ ᠬᠠᠮᠤᠭ ᠠᠴᠠ ᠢᠯᠡᠭᠦᠦ ᠬᠦᠰᠡᠵᠦ ᠪᠠᠶᠢᠬᠤ ᠪᠤᠢ ᠁ ᠲᠡᠷᠡ ᠮᠠᠰᠢ ᠪᠣᠳᠠᠲᠠᠢ ᠮᠠᠰᠢ ᠨᠠᠷᠢᠨ ᠠᠰᠠᠭᠤᠭᠰᠠᠨ ᠪᠥᠭᠡᠳ ᠡᠷᠬᠡ ᠬᠠᠷᠢᠭᠤᠴᠠᠯᠭ᠎ᠠ ᠠᠳᠠᠯᠢ ᠪᠤᠰᠤ ᠂ ᠱᠤᠭᠤᠮ ᠹᠷᠣᠨᠲ ᠤᠨ ᠡᠭᠦᠷᠭᠡ ᠬᠦᠨᠳᠦ ᠂ ᠳᠡᠰ ᠳᠡᠪᠰᠢᠬᠦ ᠵᠠᠮ ᠢᠪᠴᠤᠤ ᠵᠡᠷᠭᠡ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ ᠤᠯᠠᠨ ᠲᠠᠢ ᠭᠦᠨᠵᠡᠭᠡᠢ ᠰᠤᠳᠤᠯᠤᠨ ᠶᠠᠷᠢᠯᠴᠠᠪᠠ ᠃ ᠰᠦᠨ ᠱᠤᠤ ᠴᠧᠩ ᠂ ᠳᠡᠭᠡᠳᠦ ᠱᠠᠲᠤᠨ ᠤ ᠮᠢᠩᠭᠠᠨ ᠤᠲᠠᠰᠤᠨ ᠳᠤ ᠳᠣᠣᠷᠠᠳᠤ ᠱᠠᠲᠤᠨ ᠤ ᠨᠢᠭᠡ ᠯᠡ ᠵᠡᠭᠦᠦ ᠭᠡᠳᠡᠭ ᠂ ᠦᠨᠳᠦᠰᠦᠨ ᠱᠠᠲᠤᠨ ᠤ ᠵᠠᠰᠠᠯᠲᠠ ᠶᠢ ᠰᠠᠶᠢᠲᠤᠷ ᠠᠳᠬᠤᠬᠤ ᠨᠢ ᠲᠤᠶᠢᠯ ᠤᠨ ᠴᠢᠬᠤᠯᠠ ᠪᠥᠭᠡᠳ ᠮᠠᠰᠢ ᠭᠢᠯᠪᠠᠷ ᠪᠤᠰᠤ ᠶᠤᠮ ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠠᠩᠭᠢᠯᠠᠭ᠎ᠠ ᠪᠣᠯᠭᠠᠨ ᠠᠳᠬᠤᠵᠤ ᠂ ᠵᠣᠷᠢᠭ ᠰᠢᠭᠤᠳᠤᠨ 《 ᠮᠡᠳᠡᠭᠡ ᠵᠠᠩᠭᠢ ᠶᠢᠨ ᠪᠠᠬᠢᠯᠡᠯᠲᠡ》 ᠶᠢ ᠡᠪᠳᠡᠵᠦ ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ ᠂ ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ ᠃ ᠦᠨᠳᠦᠰᠦᠨ ᠱᠠᠲᠤᠨ ᠤ 《ᠦᠨᠳᠦᠰᠦ ᠪᠣᠯᠬᠤ ᠳ᠋ᠠᠶᠢᠲ᠋ᠠ ᠬᠥᠮᠥᠷᠭᠡ》 ᠶᠢ ᠪᠠᠶᠢᠭᠤᠯᠵᠤ ᠂ ᠨᠢᠭᠡ ᠬᠦᠰᠦᠨᠦᠭᠲᠦ ᠶᠢ ᠨᠡᠶᠢᠳᠡᠮ ᠬᠡᠷᠡᠭᠯᠡᠬᠦ ᠂ ᠣᠯᠠᠨ ᠲᠠᠯ᠎ᠠ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠂ ᠦᠨᠳᠦᠰᠦᠨ ᠱᠠᠲᠤᠨ ᠤ ᠺᠠᠳ᠋ᠷ ᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠡᠯᠳᠡᠪ ᠵᠦᠢᠯ ᠤᠨ ᠨᠡᠷᠡᠶᠢᠳᠦᠯ ᠲᠠᠢ ᠮᠡᠳᠡᠭᠡ ᠵᠠᠩᠭᠢ ᠶᠢᠨ ᠰᠢᠰᠲ᠋ᠧᠮ ᠠᠴᠠ ᠰᠠᠯᠭᠠᠬᠤ ᠬᠡᠷᠡᠭᠲᠡᠢ ᠃ ᠲᠣᠭᠲᠠᠴᠠ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠦᠲᠦᠮᠵᠢᠲᠡᠢ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ ᠂ ᠴᠣᠮᠬᠠᠳᠬᠠᠨ ᠰᠢᠯᠢᠳᠡᠭᠵᠢᠭᠦᠯᠦᠭᠰᠡᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠪᠠᠶᠢᠭᠤᠯᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ ᠂ 《ᠬᠤᠶᠠᠷ ᠲᠥᠯᠥᠭᠡᠯᠡᠭᠴᠢ ᠨᠢᠭᠡ ᠭᠡᠰᠢᠭᠦᠨ》 ᠤ ᠦᠢᠯᠡᠳᠦᠯ ᠢ ᠭᠦᠢᠴᠡᠳ ᠪᠠᠳᠠᠷᠠᠭᠤᠯᠵᠤ ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ ᠠᠷᠠᠳ ᠤᠯᠠᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠪᠠᠷ ᠬᠡᠮᠵᠢᠬᠦ ᠪᠠᠷᠢᠮᠵᠢᠶ᠎ᠠ ᠪᠣᠯᠭᠠᠵᠤ ᠂ ᠬᠠᠮᠢᠶᠠᠷᠤᠯᠲᠠ ᠶᠢ ᠦᠢᠯᠡᠴᠢᠯᠡᠭᠡ ᠳᠤ ᠠᠭᠤᠰᠤᠯᠴᠠᠭᠤᠯᠵᠤ ᠂ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠤᠯᠠᠨ ᠲᠦᠮᠡᠨ ᠢ ᠬᠠᠪᠰᠤᠷᠤᠨ ᠨᠠᠰᠤᠵᠢᠯ ᠤᠨ ᠠᠰᠠᠷᠠᠮᠵᠢ ᠂ ᠬᠡᠦᠬᠡᠳ ᠰᠠᠭᠠᠲᠠᠭᠤᠯᠬᠤ ᠵᠡᠷᠭᠡ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠥᠭᠬᠦ ᠬᠡᠷᠡᠭᠲᠡᠢ ᠭᠡᠪᠡ ᠃
ᠡᠨᠡ ᠬᠤᠭᠤᠴᠠᠭᠠᠨ ᠳᠤ ᠂ ᠰᠦᠨ ᠱᠤᠤ ᠴᠧᠩ ᠪᠠᠰᠠ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠵᠥᠷᠢᠴᠡᠯ ᠢ ᠰᠢᠢᠳᠪᠦᠷᠢᠯᠡᠬᠦ ᠵᠡᠷᠭᠡ ᠠᠵᠢᠯ ᠢ ᠰᠢᠨᠵᠢᠯᠡᠨ ᠪᠠᠶᠢᠴᠠᠭᠠᠪᠠ ᠃
ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ ᠃