ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ ᠳᠤᠮᠳᠠᠳᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠦᠲᠦᠭᠡᠨ ᠪᠠᠶᠢᠭᠤᠯᠤᠨ᠎ᠠ ᠰᠦᠨ ᠱᠤᠤ ᠴᠧᠩ ᠸᠠᠩ ᠯᠢ ᠰᠢᠶᠠ ᠯᠢ ᠰᠢᠶᠣᠣ ᠬᠤᠩ ᠲᠠᠢ ᠠᠭᠤᠯᠵᠠᠪᠠ
2023 4 ᠳ᠋ᠦ᠋ᠭᠡᠷ ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠭᠦᠭᠡᠬᠤᠲᠠ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠳᠠᠷᠤᠭ᠎ᠠ ᠯᠢ ᠰᠢᠶᠣᠣ ᠬᠤᠩ ᠨᠠᠷ ᠲᠠᠢ ᠠᠭᠤᠯᠵᠠᠪᠠ ᠃
ᠤᠷᠳᠤ ᠬᠤᠭᠤᠴᠠᠭᠠᠨ ᠤ ᠲᠤᠷᠰᠢ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠥᠪᠥᠷ ᠮᠣᠩᠭᠤᠯ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠭᠰᠠᠭᠠᠷ ᠢᠷᠡᠵᠠᠢ ᠃ ᠡᠨᠡ ᠤᠳᠠᠭ᠎ᠠ ᠯᠢ ᠰᠢᠶᠣᠣ ᠬᠤᠩ 13 ᠠᠺᠠᠳᠧᠮᠢᠴᠢ ᠶᠢ ᠳᠠᠭᠠᠭᠤᠯᠤᠨ ᠭᠦᠭᠡᠬᠤᠲᠠ ᠳᠤ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠭᠰᠠᠨ ᠨᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠢ ᠴᠢᠬᠤᠯᠠᠴᠢᠯᠠᠨ ᠦᠵᠡᠵᠦ ᠪᠠᠶᠢᠬᠤ ᠪᠠ ᠳᠡᠮᠵᠢᠵᠦ ᠪᠠᠶᠢᠬᠤ ᠶᠢ ᠭᠦᠢᠴᠡᠳ ᠢᠯᠡᠷᠡᠭᠦᠯᠪᠡ ᠃ ᠲᠣᠰ ᠤᠳᠠᠭ᠎ᠠ ᠶᠢᠨ ᠲᠣᠬᠢᠷᠠᠯᠴᠠᠭᠰᠠᠨ ᠵᠥᠪᠯᠡᠯᠴᠡᠭᠡᠷ ᠢ ᠦᠨᠳᠦᠰᠦᠯᠡᠪᠡᠯ ᠂ ᠬᠤᠶᠠᠷ ᠲᠠᠯ᠎ᠠ ᠪᠠᠷ ᠢᠶᠠᠨ ᠴᠢᠬᠤᠯᠠ ᠶᠡᠭᠡ ᠵᠥᠪᠯᠡᠯᠭᠡ ᠥᠭᠬᠦ ᠦᠨᠡᠯᠡᠯᠲᠡ ᠬᠢᠬᠦ ᠠᠵᠢᠯᠯᠠᠭ᠎ᠠ ᠥᠷᠨᠢᠭᠦᠯᠬᠦ ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠂ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠬᠠᠮᠵᠢᠯᠴᠠᠭ᠎ᠠ ᠶᠢ ᠴᠢᠩᠭᠠᠳᠬᠠᠬᠤ ᠂ ᠡᠷᠳᠡᠮ ᠰᠢᠨᠵᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ ᠳᠤᠮᠳᠠᠳᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯᠣᠨ᠎ᠠ ᠃ ᠲᠠᠷᠠᠭᠠᠴᠢ ᠶᠢᠨ ᠬᠡᠳᠦᠨ ᠡᠳᠦᠷ ᠲᠤ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠢᠭᠡ ᠪᠦᠯᠦᠭ ᠠᠺᠠᠳᠧᠮᠢᠴᠢ ᠪᠠᠰᠠ ᠮᠠᠨ ᠤ ᠣᠷᠣᠨ ᠤ ᠬᠠᠮᠢᠶ᠎ᠠ ᠪᠦᠬᠦᠢ ᠠᠵᠤ ᠠᠬᠤᠶᠢᠯᠠᠯ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠶᠡᠭᠡ ᠳᠡᠭᠡᠳᠦ ᠰᠤᠷᠭᠠᠭᠤᠯᠢ ᠲᠠᠢ ᠲᠣᠰ ᠲᠣᠰ ᠵᠣᠯᠭᠠᠭᠤᠯᠬᠤ ᠠᠵᠢᠯᠯᠠᠭ᠎ᠠ ᠥᠷᠨᠢᠭᠦᠯᠬᠦ ᠪᠣᠯᠣᠨ᠎ᠠ ᠃
ᠠᠭᠤᠯᠵᠠᠯᠲᠠ ᠳᠤᠮᠳᠠ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠯᠢ ᠰᠢᠶᠣᠣ ᠬᠤᠩ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠣᠳᠣᠬᠠᠨ ᠳᠤ ᠥᠪᠥᠷ ᠮᠣᠩᠭᠤᠯ ᠤᠨ ᠬᠥᠭᠵᠢᠯᠲᠡ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ ᠂ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠬᠡᠷᠡᠭᠰᠡᠵᠦ ᠂ ᠴᠢᠳᠠᠪᠤᠷᠢᠲᠠᠨ ᠶᠡᠭᠡ ᠯᠡ ᠱᠠᠭᠠᠷᠳᠠᠭᠳᠠᠵᠤ ᠢᠯᠠᠩᠭᠤᠶ᠎ᠠ ᠳᠡᠭᠡᠳᠦ ᠲᠡᠰ ᠤᠨ ᠴᠢᠳᠠᠪᠤᠷᠢᠲᠠᠨ ᠱᠠᠭᠠᠷᠳᠠᠭᠳᠠᠵᠤ ᠪᠠᠶᠢᠨ᠎ᠠ ᠃ ᠤᠳᠤ ᠂ ᠪᠦᠭᠦ ᠣᠷᠣᠨ ᠳᠠᠶᠠᠭᠠᠷ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠪᠠᠶᠢᠨ᠎ᠠ ᠃ ᠡᠨᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠢᠳᠡᠨ ᠳᠤ ᠴᠢᠳᠠᠪᠤᠷᠢᠲᠠᠨ ᠬᠠᠮᠤᠭ ᠠᠴᠠ ᠲᠤᠲᠠᠭᠳᠠᠵᠤ ᠪᠠᠶᠢᠨ᠎ᠠ ᠃ ᠡᠨᠡ ᠤᠳᠠᠭ᠎ᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠣᠯᠣᠨ ᠥᠪᠡᠷᠲᠡᠭᠡᠨ ᠵᠠᠰᠠᠬᠤ ᠣᠷᠣᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠨᠢ ᠥᠪᠥᠷ ᠮᠣᠩᠭᠤᠯ ᠳᠤ ᠠᠪᠴᠤ ᠬᠡᠯᠡᠪᠡᠯ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠢᠯᠠᠩᠭᠤᠶ᠎ᠠ ᠠᠺᠠᠳᠧᠮᠢᠴᠢ ᠬᠥᠮᠥᠵᠢᠭᠦᠯᠬᠦ ᠲᠠᠯ᠎ᠠ ᠪᠠᠷ ᠥᠪᠥᠷ ᠮᠣᠩᠭᠤᠯ ᠳᠤ ᠨᠡᠩ ᠢᠯᠡᠭᠦᠦ ᠳᠡᠮᠵᠢᠯᠭᠡ ᠦᠵᠡᠭᠦᠯᠵᠦ ᠂ ᠪᠢᠳᠡᠨ ᠢ ᠬᠠᠪᠰᠤᠷᠤᠨ ᠴᠢᠳᠠᠪᠤᠷᠢᠲᠠᠨ ᠤ ᠳᠤᠲᠠᠭᠤᠳᠠᠯ ᠢ ᠨᠥᠬᠦᠪᠦᠷᠢᠯᠡᠵᠦ ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ ᠃
ᠰᠦᠨ ᠱᠤᠤ ᠴᠧᠩ ᠂ ᠠᠺᠠᠳᠧᠮᠢᠴᠢ ᠪᠣᠯ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ ᠂ ᠨᠢᠭᠡ ᠭᠠᠵᠠᠷ ᠣᠷᠣᠨ ᠤ ᠬᠥᠭᠵᠢᠯᠲᠡ ᠳᠤ ᠲᠤᠶᠢᠯ ᠤᠨ ᠴᠢᠬᠤᠯᠠ ᠶᠤᠮ ᠃ ᠥᠪᠥᠷ ᠮᠣᠩᠭᠤᠯ 《ᠤᠮᠠᠷᠠᠲᠤ ᠶᠢᠨ ᠭᠤᠷᠪᠠᠨ ᠣᠷᠣᠨ》 ᠢ ᠰᠤᠨᠳᠠᠯᠠᠵᠤ ᠂ ᠡᠬᠢ ᠪᠠᠶᠠᠯᠢᠭ ᠡᠯᠪᠡᠭ ᠳᠡᠯᠪᠡᠭ ᠂ ᠮᠠᠯ ᠠᠵᠤ ᠠᠬᠤᠢ ᠲᠠᠷᠢᠶᠠᠯᠠᠩ ᠂ ᠡᠨᠧᠷᠭᠢ ᠂ ᠬᠤᠪᠣᠷ ᠰᠢᠷᠣᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ ᠂ ᠳᠠᠯᠳᠠ ᠬᠦᠴᠦᠨ ᠮᠠᠰᠢ ᠶᠡᠭᠡ ᠪᠠᠶᠢᠨ᠎ᠠ ᠂ ᠪᠢᠳᠡ ᠨᠠᠩ ᠣᠯᠠᠨ ᠠᠺᠠᠳᠧᠮᠢᠴᠢ ᠥᠪᠥᠷ ᠮᠣᠩᠭᠤᠯ ᠳᠤ ᠢᠷᠡᠵᠦ ᠰᠤᠳᠤᠯᠤᠨ ᠦᠢᠯᠡᠳᠬᠦ ᠠᠵᠢᠯ ᠬᠢᠵᠦ ᠂ ᠦᠷ᠎ᠡ ᠪᠦᠲᠦᠭᠡᠯ ᠭᠠᠷᠭᠠᠬᠤ ᠶᠢ ᠬᠠᠯᠠᠭᠤᠨ ᠢᠶᠠᠷ ᠬᠦᠰᠡᠵᠦ ᠪᠠᠶᠢᠨ᠎ᠠ ᠃ ᠥᠪᠥᠷ ᠮᠣᠩᠭᠤᠯ ᠳᠤ ᠠᠵᠢᠯᠯᠠᠬᠤ ᠦᠭᠡᠢ ᠴᠦ ᠭᠡᠰᠡᠨ ᠬᠠᠮᠢᠶ᠎ᠠ ᠦᠭᠡᠢ ᠂ ᠪᠢᠳᠡᠨ ᠢ ᠬᠠᠪᠰᠤᠷᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠭᠦᠷᠪᠡᠯ ᠂ ᠪᠢᠳᠡ ᠪᠦᠷ ᠬᠠᠯᠠᠭᠤᠨ ᠢᠶᠠᠷ ᠤᠭᠲᠤᠵᠤ ᠂ ᠪᠦᠭᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ ᠭᠡᠵᠡᠢ ᠃
ᠯᠢ ᠰᠢᠶᠣᠣ ᠬᠤᠩ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠵᠤ ᠂ ᠥᠪᠥᠷ ᠮᠣᠩᠭᠤᠯ ᠤᠨ 《ᠲᠠᠪᠤᠨ ᠶᠡᠭᠡ ᠡᠭᠦᠷᠭᠡ 》 ᠶᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠪᠣᠯ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠣᠯᠣᠨ᠎ᠠ ᠭᠡᠵᠡᠢ ᠃ ᠲᠡᠷᠡ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠲᠣᠰ ᠤᠳᠠᠭ᠎ᠠ ᠶᠢᠨ ᠵᠥᠪᠯᠡᠯᠴᠡᠭᠡᠷ ᠢ ᠲᠣᠬᠢᠷᠠᠯᠴᠠᠬᠤ ᠪᠠ ᠳᠤᠮᠳᠠᠳᠤ ᠤᠯᠤᠰ ᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠠᠵᠠ ᠲᠣᠭᠢᠶᠠᠯ ᠪᠣᠯᠭᠠᠵᠤ ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠂ ᠴᠢᠩ ᠰᠡᠳᠬᠢᠯ ᠠᠴᠠ ᠪᠠᠨ ᠥᠪᠥᠷ ᠮᠣᠩᠭᠤᠯ ᠳᠤ ᠣᠶᠤᠨ ᠤ ᠳᠡᠮᠵᠢᠯᠭᠡ ᠬᠠᠩᠭᠠᠨ᠎ᠠ ᠃ ᠪᠢᠳᠡ ᠪᠠᠰᠠ 《ᠠᠺᠠᠳᠧᠮᠢᠴᠢ ᠶᠢᠨ ᠠᠶᠠᠯᠠᠯ》 ᠤᠨ ᠠᠵᠢᠯᠯᠠᠭ᠎ᠠ ᠲᠠᠢ ᠤᠶᠠᠯᠳᠤᠭᠤᠯᠤᠨ ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠳ ᠢ ᠵᠣᠬᠢᠶᠠᠨ ᠪᠠᠶᠢᠭᠤᠯᠵᠤ ᠡᠨᠧᠷᠭᠢ ᠂ ᠬᠢᠮᠢ ᠶᠢᠨ ᠠᠵᠤ ᠦᠢᠯᠡᠳᠪᠦᠷᠢ ᠂ ᠮᠠᠯ ᠠᠵᠤ ᠠᠬᠤᠢ ᠲᠠᠷᠢᠶᠠᠯᠠᠩ ᠵᠡᠷᠭᠡ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠬᠡᠷᠡᠭᠴᠡᠭᠡ ᠶᠢᠨ ᠲᠣᠭᠤᠷᠢᠨ ᠳᠤ ᠂ ᠥᠪᠥᠷ ᠮᠣᠩᠭᠤᠯ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠭᠦᠨᠵᠡᠭᠡᠢ ᠵᠣᠯᠭᠠᠭᠤᠯᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ ᠂ ᠬᠦᠴᠦ ᠪᠠᠨ ᠬᠠᠮᠲᠤᠳᠬᠠᠨ ᠨᠢᠭᠡ ᠪᠦᠯᠦᠭ ᠬᠤᠰᠢᠭᠤᠷᠠᠯ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠵᠡᠢ ᠃
ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠵᠥᠩ ᡁᠢ ᠬᠤᠸᠠ ᠂ ᠨᠠᠷᠢᠨ ᠪᠢᠴᠢᠭ ᠤᠨ ᠳᠠᠷᠤᠭ᠎ᠠ ᠴᠧᠨ ᠵᠢᠶᠠᠨ ᠹᠧᠩ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠱᠧᠦ ᠭᠦᠩ ᠂ ᠧᠦ ᠶᠠᠩ ᠰᠢᠶᠣᠣ ᠫᠢᠩ ᠂ ᠦ᠋ ᠴᠢᠶᠠᠩ ᠂ ᠵᠠᠩ ᠵᠢᠶᠠ ᠪᠦᠦ ᠂ ᠴᠠᠢ ᠯᠢ ᠶᠤᠸᠠᠨ ᠂ ᠽᠧᠩ ᠾᠧᠩ ᠢ ᠂ ᠫᠧᠩ ᠰᠦ᠋ ᠫᠢᠩ ᠂ ᠫᠧᠩ ᠱᠧᠦ ᠂ ᠵᠢᠶᠠᠩ ᠲᠤᠤ ᠂ ᠸᠠᠩ ᠴᠧᠩ ᠱᠠᠨ ᠂ ᠺᠠᠩ ᠵᠧᠨ ᠱᠧᠩ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠢᠦᠢ ᠭᠠᠩ ᠂ ᠢᠦᠢ ᠯᠢ ᠰᠢᠨ ᠂ ᠪᠦᠦ ᠰᠢᠶᠠᠨ ᠬᠤᠸᠠ ᠂ ᠰᠦᠨ ᠵᠢᠶᠦ᠋ᠨ ᠴᠢᠩ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ ᠃