ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ ᠰᠦᠨ ᠱᠤᠤ ᠴᠧᠩ ᠨᠣᠮ ᠤᠩᠰᠢᠬᠤ ᠠᠩᠭᠢ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠴᠧ ᠵᠢᠶᠦ᠋ᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠮᠠᠨ ᠤ ᠣᠷᠣᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 2023 4 ᠳ᠋ᠦ᠋ᠭᠡᠷ ᠰᠠᠷ᠎ᠠ ᠶᠢᠨ 13 ᠠᠴᠠ 15 ᠤ ᠡᠳᠦᠷ ᠪᠤᠯᠳᠠᠯ᠎ᠠ ᠪᠠ 17 ᠤ ᠦᠳᠡ ᠶᠢᠨ ᠡᠮᠦᠨ᠎ᠡ ᠂ ᠭᠤᠷᠪᠠᠨ ᠡᠳᠦᠷ ᠬᠠᠭᠠᠰ ᠤᠨ ᠴᠠᠭ ᠢ ᠠᠰᠢᠭᠯᠠᠨ ᠂ ᠥᠪᠥᠷ ᠮᠣᠩᠭᠤᠯ ᠤᠨ ᠨᠠᠮ ᠤᠨ ᠰᠤᠷᠭᠠᠭᠤᠯᠢ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠨᠢᠭᠡᠳᠦᠭᠡᠷ ᠬᠤᠭᠤᠴᠠᠭᠠᠨ ᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠤ ᠂ ᠮᠤᠵᠢ ᠶᠢᠨ ᠲᠡᠰ ᠤᠨ ᠤᠳᠤᠷᠢᠳᠬᠤ ᠨᠥᠬᠦᠳ ᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠰᠤᠷᠤᠯᠴᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠲᠤᠬᠠᠢ ᠤᠯᠤᠰ ᠲᠥᠷᠥ ᠶᠢᠨ ᠬᠠᠮᠲᠤ ᠶᠢᠨ ᠲᠠᠨᠢᠯᠲᠠ ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠂ ᠤᠨᠤᠯ ᠤᠨ ᠬᠠᠮᠲᠤ ᠶᠢᠨ ᠲᠠᠨᠢᠯᠲᠠ ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ ᠂ 《ᠬᠤᠶᠠᠷ ᠢ ᠲᠣᠭᠲᠠᠭᠠᠭᠰᠠᠨ 》 ᠢ ᠡᠷᠡᠰ ᠬᠦᠷᠢᠶᠡᠯᠡᠵᠦ ᠂ 《ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠣᠮ ᠤᠩᠰᠢᠬᠤ ᠠᠩᠭᠢ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠲᠥᠪ ᠤᠨ ᠨᠢᠭᠡᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠂ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ ᠰᠠᠨ ᠵᠢᠴᠢ ᠪᠦᠭᠦ ᠪᠦᠷᠢᠯᠳᠦᠭᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃
ᠨᠣᠮ ᠤᠩᠰᠢᠬᠤ ᠠᠩᠭᠢ ᠨᠢ ᠲᠥᠪᠯᠡᠷᠡᠭᠦᠯᠦᠨ ᠨᠣᠮ ᠤᠩᠰᠢᠬᠤ ᠂ ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ ᠃ ᠬᠡᠳᠦᠨ ᠡᠳᠦᠷ ᠤᠨ ᠲᠤᠷᠰᠢ ᠂ ᠨᠣᠮ ᠤᠩᠰᠢᠬᠤ ᠠᠩᠭᠢ ᠳᠤ ᠣᠷᠣᠯᠴᠠᠭᠰᠠᠨ ᠮᠤᠵᠢ ᠶᠢᠨ ᠲᠡᠰ ᠤᠨ ᠤᠳᠤᠷᠢᠳᠬᠤ ᠨᠥᠬᠦᠳ ᠰᠡᠳᠬᠢᠯ ᠲᠠᠯᠪᠢᠨ ᠲᠠᠶᠢᠪᠤᠭᠤᠬᠠᠨ ᠰᠠᠭᠤᠵᠤ ᠂ ᠲᠥᠪ ᠤᠨ ᠨᠠᠮ ᠤᠨ ᠰᠤᠷᠭᠠᠭᠤᠯᠢ ᠶᠢᠨ ᠬᠠᠨ ᠴᠢᠩ ᠰᠢᠶᠠᠩ ᠫᠷᠣᠹᠧᠰᠰᠣᠷ ᠤᠨ ᠬᠢᠭᠰᠡᠨ 《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠠᠷᠭ᠎ᠠ ᠶᠢᠨ ᠣᠨᠣᠯ ᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ》ᠭᠡᠬᠦ ᠰᠡᠳᠦᠪᠲᠦ ᠵᠢᠭᠠᠨ ᠵᠢᠯᠤᠭᠤᠳᠬᠤ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠪᠠ ᠂ 《ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ 》《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ 》《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠲᠡᠭᠦᠪᠦᠷᠢ》ᠵᠡᠷᠭᠡ ᠰᠤᠷᠤᠯᠴᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠵᠤ ᠂ ᠡᠭᠦᠨ ᠤ ᠰᠠᠭᠤᠷᠢᠨ ᠳᠡᠭᠡᠷ᠎ᠡ ᠥᠪᠡᠷ ᠥᠪᠡᠷ ᠤᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠣᠯᠲᠠ ᠲᠥᠷᠥᠭᠳᠡᠯ ᠢᠶᠠᠨ ᠨᠠᠷᠢᠨ ᠬᠢᠨᠠᠮᠠᠭᠠᠢ ᠪᠢᠴᠢᠵᠦ ᠂ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠸᠠᠩ ᠯᠢ ᠰᠢᠶᠠ ᠂ ᠵᠠᠩ ᠶᠠᠨ ᠺᠦᠨ ᠂ ᠶᠠᠩ ᠸᠧᠢ ᠳ᠋ᠦᠩ ᠂ ᠯᠢᠦ ᠱᠤᠸᠠᠩ ᠂ ᠪᠦᠦ ᠭᠠᠩ ᠂ ᠵᠧᠩ ᠬᠤᠩ ᠹᠠᠨ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠯᠢ ᠢᠦᠢ ᠭᠠᠩ ᠂ ᠬᠦᠦᠳᠠᠭᠤᠯᠠ ᠂ ᠢᠦᠢ ᠯᠢ ᠰᠢᠨ ᠂ ᠯᠢᠨ ᠱᠤᠤ ᠴᠦᠨ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃ ᠲᠥᠪᠯᠡᠷᠡᠩᠭᠦᠢ ᠰᠤᠷᠤᠯᠴᠠᠬᠤ ᠪᠠᠷ ᠳᠠᠮᠵᠢᠨ ᠂ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠂ ᠭᠤᠣᠯ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠭᠦ ᠲᠠᠯ᠎ᠠ ᠪᠠᠷ ᠡᠵᠡᠮᠰᠢᠵᠦ ᠂ ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠨᠡᠩ ᠭᠦᠨᠵᠡᠭᠡᠢ ᠣᠶᠢᠯᠠᠭᠠᠵᠤ ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ ᠂ ᠨᠣᠮ ᠤᠩᠰᠢᠬᠤ ᠠᠩᠭᠢ ᠨᠢ ᠵᠢᠱᠢᠭᠰᠡᠨ ᠦᠷ᠎ᠡ ᠪᠦᠲᠦᠮᠵᠢ ᠳᠤ ᠭᠦᠷᠪᠠ ᠃
ᠰᠦᠨ ᠱᠤᠤ ᠴᠧᠩ ᠣᠯᠠᠨ ᠲᠠᠢ ᠰᠤᠷᠤᠯᠴᠠᠬᠰᠠᠨ ᠲᠥᠷᠥᠭᠳᠡᠯ ᠪᠠ ᠣᠯᠣᠯᠲᠠ ᠪᠠᠨ ᠬᠤᠪᠢᠶᠠᠯᠴᠠᠪᠠ ᠃ ᠲᠡᠷᠡ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠯᠣᠭᠢᠭ ᠨᠢᠭᠲᠠ ᠴᠢᠩᠭ᠎ᠠ ᠂ ᠠᠭᠤᠯᠤᠭᠳᠠᠬᠤᠨ ᠡᠯᠪᠡᠭ ᠪᠠᠶᠠᠯᠢᠭ ᠂ ᠥᠷᠭᠡᠨ ᠳᠡᠯᠭᠡᠷ ᠭᠦᠨ ᠭᠦᠨᠵᠡᠭᠡᠢ ᠪᠠᠶᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠢ ᠬᠦᠴᠦᠷᠬᠡᠭᠵᠢᠭᠦᠯᠬᠦ ᠵᠠᠮ ᠂ ᠤᠯᠤᠰ ᠢᠶᠠᠨ ᠬᠦᠴᠦᠷᠬᠡᠭᠵᠢᠭᠦᠯᠬᠦ ᠵᠠᠮ ᠂ ᠰᠡᠷᠭᠦᠨ ᠮᠠᠨᠳᠤᠯᠲᠠ ᠶᠢᠨ ᠵᠠᠮ ᠤᠨ ᠲᠤᠬᠠᠢ ᠭᠦᠨᠵᠡᠭᠡᠢ ᠪᠣᠳᠣᠯᠬᠢᠯᠠᠯ ᠠᠭᠤᠯᠤᠭᠳᠠᠵᠤ ᠂ ᠰᠤᠷᠤᠯᠴᠠᠬᠤ ᠲᠤᠳᠤᠮ ᠡᠨᠡ ᠬᠦ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠂ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠭᠴᠢ ᠶᠢᠨ ᠬᠡᠪ ᠨᠠᠮᠪᠠ ᠪᠣᠯᠣᠨ ᠬᠥᠮᠥᠨ ᠴᠢᠨᠠᠷ ᠤᠨ ᠲᠠᠲᠠᠬᠤ ᠬᠦᠴᠦᠨ ᠢ ᠤᠯᠠᠮ ᠭᠦᠨᠵᠡᠭᠡᠢ ᠮᠡᠳᠡᠷᠡᠵᠦ ᠂ ᠰᠤᠷᠤᠯᠴᠠᠬᠤ ᠲᠤᠳᠤᠮ ᠤᠳᠬ᠎ᠠ ᠠᠭᠤᠯᠭ᠎ᠠ ᠲᠠᠢ ᠪᠣᠯᠵᠤ ᠂ ᠤᠯᠠᠮ ᠢᠲᠡᠭᠡᠯ ᠵᠣᠷᠢᠭ ᠪᠠ ᠡᠷᠴᠢ ᠬᠦᠴᠦᠨ ᠲᠠᠢ ᠪᠣᠯᠣᠨ᠎ᠠ ᠭᠡᠪᠡ ᠃ ᠰᠦᠨ ᠱᠤᠤ ᠴᠧᠩ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠢᠭᠡᠨ ᠳᠡᠪᠲᠡᠷ ᠤᠩᠰᠢᠵᠤ ᠳᠠᠭᠤᠰᠤᠰᠢ ᠦᠭᠡᠢ ᠨᠣᠮ ᠮᠥᠨ ᠃ ᠰᠤᠷᠤᠯᠴᠠᠬᠤ ᠲᠤᠳᠤᠮ ᠥᠪᠡᠷ ᠤᠨ ᠮᠡᠳᠡᠯᠭᠡ ᠶᠢᠨ ᠬᠤᠮᠰᠠ ᠪᠠᠨ ᠲᠠᠨᠢᠵᠤ ᠣᠯᠳᠠᠭ ᠂ ᠪᠢᠳᠡ ᠰᠤᠷᠤᠯᠴᠠᠨ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠵᠤ ᠂ ᠵᠠᠷᠢᠮ ᠴᠢᠬᠤᠯᠠ ᠶᠡᠭᠡ ᠠᠰᠠᠭᠤᠳᠠᠯ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠶᠢᠨ᠎ᠠ ᠭᠡᠪᠡ ᠃ ᠲᠡᠷᠡ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠤᠯᠤᠰ ᠤᠨ ᠶᠡᠭᠡ ᠶᠠᠪᠤᠳᠠᠯ ᠢ ᠪᠠᠲᠤ ᠴᠡᠭᠡᠵᠢᠯᠡᠬᠦ ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠦᠵᠡᠭᠰᠡᠨ ᠪᠥᠭᠡᠳ ᠨᠢᠭᠡ ᠨᠢᠭᠡ ᠪᠠᠷ ᠪᠣᠳᠠᠲᠠᠢ ᠢᠯᠡᠷᠡᠯ ᠢᠶᠠᠨ ᠲᠣᠭᠠᠴᠢᠵᠤ ᠂ ᠮᠤᠵᠢ ᠶᠢᠨ ᠲᠡᠰ ᠤᠨ ᠤᠳᠤᠷᠢᠳᠬᠤ ᠨᠥᠬᠦᠳ ᠢ ᠵᠥᠷᠢᠶ᠎ᠡ ᠪᠠᠨ ᠣᠯᠵᠤ ᠬᠠᠷᠠᠨ ᠂ ᠠᠰᠠᠭᠤᠳᠠᠯ ᠳᠤ ᠵᠥᠪ ᠢᠶᠠᠷ ᠬᠠᠨᠳᠤᠵᠤ ᠂ ᠠᠭᠤᠯᠠ ᠲᠠᠭᠠᠷᠠᠪᠠᠯ ᠵᠠᠮ ᠨᠡᠭᠡᠭᠡᠵᠦ ᠤᠰᠤ ᠲᠠᠭᠠᠷᠠᠪᠠᠯ ᠬᠥᠭᠦᠷᠭᠡ ᠲᠠᠯᠪᠢᠵᠤ ᠂ ᠬᠠᠮᠲᠤ ᠪᠠᠷ ᠠᠷᠭ᠎ᠠ ᠪᠤᠳᠤᠵᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ ᠃ ᠰᠦᠨ ᠱᠤᠤ ᠴᠧᠩ ᠂ ᠡᠨᠡ ᠬᠤᠭᠤᠴᠠᠭᠠᠨ ᠤ ᠨᠣᠮ ᠤᠩᠰᠢᠬᠤ ᠠᠩᠭᠢ ᠰᠠᠶᠢᠨ ᠡᠬᠢᠯᠡᠯᠲᠡ ᠲᠠᠢ ᠪᠣᠯᠵᠠᠢ ᠂ ᠵᠠᠯᠭᠠᠭᠠᠳ ᠪᠢᠳᠡ ᠰᠡᠳᠬᠢᠯ ᠰᠢᠭᠤᠳᠤᠨ ᠰᠤᠷᠤᠯᠴᠠᠵᠤ ᠂ ᠡᠷᠴᠢ ᠵᠣᠷᠢᠭ ᠢᠶᠠᠨ ᠬᠥᠪᠴᠢᠯᠡᠨ ᠰᠤᠷᠤᠯᠴᠠᠵᠤ ᠂ ᠲᠥᠪ ᠠᠴᠠ ᠲᠣᠭᠲᠠᠭᠠᠭᠰᠠᠨ ᠨᠣᠮ ᠢ ᠨᠢᠭᠡ ᠨᠢᠭᠡ ᠪᠠᠷ ᠤᠩᠰᠢᠵᠤ ᠂ ᠦᠭᠡ ᠦᠰᠦᠭ ᠳᠠᠷᠠᠭᠠᠯᠠᠨ ᠣᠶᠢᠯᠠᠭᠠᠵᠤ ᠂ ᠦᠨᠡᠨ ᠬᠦ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ ᠂ ᠭᠦᠨᠵᠡᠭᠡᠢ ᠰᠤᠷᠤᠯᠴᠠᠨ ᠲᠤᠭᠤᠷᠠᠲᠠᠯ᠎ᠠ ᠣᠶᠢᠯᠠᠭᠠᠬᠤ ᠬᠡᠷᠡᠭᠲᠡᠢ ᠃ ᠡᠭᠦᠨ ᠤ ᠬᠠᠮᠲᠤ ᠂ ᠰᠤᠷᠤᠯᠴᠠᠬᠤ ᠂ ᠪᠠᠶᠢᠴᠠᠭᠠᠬᠤ ᠂ ᠬᠠᠯᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠡᠬᠢᠯᠡᠩᠭᠦᠲᠡ ᠪᠠᠨ ᠤᠨᠤᠯ ᠤᠨ ᠰᠤᠷᠤᠯᠴᠠᠯᠭ᠎ᠠ ᠶᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠂ ᠬᠥᠭᠵᠢᠯᠲᠡ ᠶᠢ ᠠᠬᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ ᠂ ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠵᠦ ᠂ ᠠᠰᠠᠭᠤᠳᠠᠯ ᠢ ᠣᠨᠣᠪᠴᠢᠲᠠᠢ ᠪᠥᠭᠡᠳ ᠪᠣᠳᠠᠲᠠᠢ ᠡᠷᠢᠵᠦ ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ ᠂ ᠦᠵᠡᠯ ᠰᠠᠨᠠᠭᠠᠨ ᠤ ᠵᠡᠪᠰᠡᠭ ᠢ ᠦᠨᠡᠨ ᠬᠦ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠂ ᠦᠵᠡᠯ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ 17 ᠤ ᠡᠳᠥᠷ ᠦᠨ ᠦᠳᠡ ᠶᠢᠨ ᠡᠮᠦᠨᠡᠬᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠳᠤ ᠣᠷᠣᠯᠴᠠᠪᠠ ᠃