ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠥᠷᠨᠢᠭᠦᠯᠵᠦ ᠪᠣᠢ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ 《ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ︿ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ﹀ ᠶᠢ ᠬᠡᠷᠡᠭᠵᠢᠭᠦᠯᠬᠦ ᠰᠠᠨᠠᠯ》 ᠢ ᠳᠠᠷᠤᠮᠠᠯᠯᠠᠨ ᠲᠠᠷᠬᠠᠭᠠᠵᠤ᠂ ᠭᠤᠷᠪᠠᠨ ᠵᠢᠯ ᠤᠨ ᠬᠤᠭᠤᠴᠠᠭ᠎ᠠ ᠲᠠᠢ ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ ᠴᠢᠩᠭᠠᠳᠬᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠢ᠃
《ᠬᠡᠷᠡᠭᠵᠢᠭᠦᠯᠬᠦ ᠰᠠᠨᠠᠯ》 ᠢ ᠦᠨᠳᠦᠰᠦᠯᠡᠪᠡᠯ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠭᠤᠯᠠᠨ ᠣᠶ᠂ ᠭᠤᠣᠯ ᠮᠥᠷᠡᠨ ᠨᠠᠭᠤᠷ ᠪᠦᠷᠢᠳᠦ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠤᠷᠢᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢᠶᠠᠷ ᠭᠤᠣᠯ ᠲᠠᠯᠠᠪᠤᠷ ᠪᠣᠯᠭᠠᠭᠰᠠᠨ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠵᠡᠷᠭᠡ ᠳᠥᠷᠪᠡᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠠᠭᠤᠯᠠᠨ ᠣᠶ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠣᠷᠣᠨ ᠢ ᠪᠠᠶᠢᠭᠤᠯᠤᠨ᠎ᠠ︔ ᠬᠠᠳᠤᠨ ᠭᠤᠣᠯ ᠬᠢᠭᠡᠳ 《ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ》 ᠢᠶᠠᠷ ᠭᠤᠣᠯ ᠲᠠᠯᠠᠪᠤᠷ ᠪᠣᠯᠭᠠᠭᠰᠠᠨ᠂ ᠬᠠᠳᠤᠨ ᠭᠤᠣᠯ ᠤᠨ ᠤᠷᠤᠰᠬᠠᠯ ᠳᠠᠭᠠᠤ ᠶᠢᠨ ᠲᠤᠯᠤᠭᠠᠨ ᠠᠶᠢᠮᠠᠭ ᠬᠤᠳᠠ ᠪᠠ ᠬᠥᠯᠥᠨ ᠪᠣᠶᠢᠷ ᠬᠤᠳᠠ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠤᠷᠢᠭ ᠢ ᠪᠠᠶᠢᠭᠤᠯᠤᠨ᠎ᠠ︔ ᠬᠥᠯᠥᠨ ᠪᠤᠶᠢᠷ ᠤᠨ ᠲᠠᠯ᠎ᠠ ᠪᠡᠯᠴᠢᠭᠡᠷ᠂ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠭᠤᠣᠯ ᠲᠠᠯᠠᠪᠤᠷ ᠪᠣᠯᠭᠠᠭᠰᠠᠨ᠂ ᠲᠤᠬᠠᠢ ᠶᠢᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠪᠠᠷ ᠭᠤᠣᠯ ᠬᠦᠴᠦᠨ ᠪᠣᠯᠭᠠᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠣᠷᠣᠨ ᠢ ᠪᠠᠶᠢᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢ ᠬᠠᠮᠤᠷᠤᠭᠰᠠᠨ ᠠᠮᠢ ᠠᠬᠤᠢ ᠶᠢᠨ ᠪᠠᠶᠢᠴᠠᠭᠠᠯᠲᠠ ᠶᠢᠨ 《ᠶᠡᠭᠡ ᠬᠠᠮᠵᠢᠯᠴᠠᠭ᠎ᠠ》 ᠶᠢᠨ ᠬᠠᠮᠠᠭᠠᠯᠠᠯᠲᠠ ᠶᠢᠨ ᠵᠠᠭᠪᠤᠷ ᠢ ᠪᠤᠢ ᠪᠣᠯᠭᠠᠨ᠎ᠠ᠃
ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠭᠡᠬᠦ ᠭᠤᠷᠪᠠᠨ ᠶᠡᠭᠡ ᠬᠠᠮᠵᠢᠯᠴᠠᠭᠠᠨ ᠤ ᠣᠷᠣᠨ ᠳᠤ ᠲᠦᠰᠢᠭᠯᠡᠨ᠂ ᠬᠠᠮᠵᠢᠯᠴᠠᠬᠤ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠰᠦᠪᠡᠭᠴᠢ ᠶᠢ ᠪᠠᠶᠢᠴᠠᠭᠠᠨ ᠲᠣᠳᠣᠯᠠᠬᠤ᠂ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ᠂ ᠣᠷᠣᠨ ᠪᠦᠰᠡ ᠠᠯᠤᠰᠯᠠᠨ ᠬᠡᠷᠡᠭ ᠰᠢᠢᠳᠪᠦᠷᠢᠯᠡᠬᠦ ᠵᠡᠷᠭᠡ ᠠᠵᠢᠯ ᠤᠳ ᠢ ᠰᠠᠨᠠᠭᠠᠴᠢᠯᠠᠭ᠎ᠠ ᠠᠴᠠ ᠪᠠᠨ ᠥᠷᠨᠢᠭᠦᠯᠦᠨ᠎ᠡ᠃ ᠡᠭᠦᠨ ᠤ ᠬᠠᠮᠲᠤ᠂ ᠬᠠᠮᠵᠢᠯᠴᠠᠭᠠᠨ ᠤ ᠠᠵᠢᠯᠯᠠᠭ᠎ᠠ ᠶᠢᠨ ᠨᠡᠪᠲᠡᠷᠡᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠴᠢᠬᠤᠯᠠ ᠠᠵᠢᠯ ᠤᠨ ᠪᠠᠶᠢᠷᠢᠯᠠᠭᠤᠯᠤᠯᠲᠠ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ᠂ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢᠯᠡᠯᠲᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠵᠠᠷᠯᠠᠨ ᠮᠡᠳᠡᠭᠡᠯᠡᠬᠦ ᠶᠢ ᠴᠢᠩᠭᠠᠳᠬᠠᠨ᠎ᠠ᠃
ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠠᠭᠤᠯᠠᠨ ᠣᠢ ᠶᠢᠨ ᠬᠠᠮᠠᠭᠠᠯᠠᠯᠲᠠ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠶᠢᠨ ᠬᠤᠪᠢᠶᠠᠷᠢ ᠲᠥᠰᠥᠯ ᠢ ᠲᠣᠰ ᠲᠣᠰ ᠲᠤ ᠨᠢ ᠨᠡᠶᠢᠲᠡᠯᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠭᠤᠣᠯᠳᠠᠯᠭ᠎ᠠ ᠲᠠᠢ ᠠᠰᠠᠭᠤᠳᠠᠯ ᠤᠳ ᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯᠯᠠᠬᠤ ᠠᠷᠭ᠎ᠠ ᠪᠠᠨ ᠨᠢᠭᠡᠳᠬᠡᠵᠦ᠂ ᠬᠠᠮᠲᠤᠷᠠᠨ ᠬᠠᠮᠵᠢᠯᠴᠠᠵᠤ ᠬᠠᠮᠲᠤ ᠪᠠᠷ ᠵᠠᠰᠠᠬᠤ ᠶᠢ ᠠᠬᠢᠭᠤᠯᠤᠨ᠎ᠠ᠃