ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠥᠷ ᠮᠣᠩᠭᠤᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠬᠤᠷᠠᠯ ᠪᠤᠭᠤᠲᠤ ᠳᠤ ᠬᠤᠷᠠᠯᠳᠤᠪᠠ ᠪᠠᠢ ᠴᠢᠩ ᠶᠤᠸᠠᠨ ᠶᠠᠷᠢᠶ᠎ᠠ ᠲᠠᠯᠪᠢᠵᠠᠢ
2023 4 ᠳ᠋ᠦ᠋ᠭᠡᠷ ᠰᠠᠷ᠎ᠠ ᠶᠢᠨ 13 — 14 ᠤ ᠡᠳᠦᠷ ᠂ ᠥᠪᠥᠷ ᠮᠣᠩᠭᠤᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠬᠤᠷᠠᠯ ᠪᠤᠭᠤᠲᠤ ᠳᠤ ᠬᠤᠷᠠᠯᠳᠤᠪᠠ ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃
ᠪᠠᠢ ᠴᠢᠩ ᠶᠤᠸᠠᠨ ᠂ ᠭᠤᠣᠯᠳᠠᠯᠭ᠎ᠠ ᠲᠠᠢ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠂ ᠪᠦᠯᠦᠭᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃ ᠨᠡᠭᠡᠭᠡᠯᠲᠡ ᠬᠢᠵᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠤᠬᠠᠮᠰᠠᠷ ᠢᠶᠠᠨ ᠴᠢᠩᠭᠠᠳᠬᠠᠵᠤ ᠂ ᠭᠤᠣᠯ ᠪᠣᠯᠬᠤ ᠠᠵᠤ ᠠᠬᠤᠶᠢᠯᠠᠯ ᠲᠦᠷᠦᠭᠦᠯᠡᠨ ᠵᠢᠱᠢᠶ᠎ᠡ ᠦᠵᠡᠭᠦᠯᠭᠦ ᠦᠢᠯᠡᠳᠦᠯ ᠢᠶᠠᠨ ᠪᠠᠳᠠᠷᠠᠭᠤᠯᠵᠤ ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠨᠠᠩ ᠣᠯᠠᠨ ᠣᠨᠣᠴᠠᠲᠠᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠤᠨ ᠬᠤᠭᠤᠴᠠᠭᠠᠨ ᠳᠤ ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ ᠂ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠰᠡᠯᠪᠢᠭ ᠲᠣᠨᠤᠭ ᠦᠢᠯᠡᠳᠪᠦᠷᠢᠯᠡᠬᠦ ᠠᠵᠤ ᠠᠬᠤᠶᠢᠯᠠᠯ ︔ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠂ ᠡᠨᠧᠷᠭᠢ ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠶᠢᠨ ᠭᠡᠷ᠎ᠡ ᠲᠣᠭᠲᠠᠬᠤ ᠶᠣᠰᠣᠯᠠᠯ ᠬᠢᠬᠦ ᠶᠢᠨ ᠬᠠᠮᠲᠤ ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠰᠢᠨᠵᠢᠯᠡᠨ ᠪᠠᠶᠢᠴᠠᠭᠠᠵᠤ ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ ᠃