ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠦ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ ᠢ ᠬᠢᠨᠠᠨ ᠵᠥᠪᠯᠡᠵᠦ ᠪᠠᠲᠤᠯᠠᠪᠠ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠦᠷᠭᠡᠳᠬᠡᠨ ᠪᠠᠶᠢᠭᠤᠯᠵᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠩ ᠰᠠᠶᠢᠲᠤᠷ ᠳᠡᠮᠵᠢᠬᠦ ᠲᠤᠬᠠᠢ ᠪᠠᠶᠢᠷᠢᠯᠠᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2023 5 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ ᠢ ᠬᠢᠨᠠᠨ ᠵᠥᠪᠯᠡᠵᠦ ᠪᠠᠲᠤᠯᠠᠪᠠ ︔ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ ᠪᠠᠶᠢᠷᠢᠯᠠᠭᠤᠯᠪᠠ ᠃
ᠬᠤᠷᠠᠯ ᠠᠴᠠ ᠴᠢᠬᠤᠯᠠᠴᠢᠯᠠᠭᠰᠠᠨ ᠨᠢ ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ ᠪᠣᠯ ᠠᠵᠤ ᠦᠢᠯᠡᠰ ᠤᠨ ᠳᠤᠮᠳᠠ ᠳᠡᠭᠡᠳᠦ ᠲᠦᠪᠰᠢᠨ ᠲᠡᠶᠢᠰᠢ ᠳᠡᠪᠰᠢᠬᠦ ᠶᠢ ᠠᠬᠢᠭᠤᠯᠬᠤ ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠣᠨ᠎ᠠ ᠃ ᠡᠨᠡ ᠨᠢ ᠬᠠᠮᠵᠢᠯᠴᠠᠨ ᠰᠢᠨ᠎ᠡ ᠶᠢ ᠡᠭᠦᠳᠬᠦ ᠂ ᠴᠢᠳᠠᠪᠤᠷᠢᠲᠠᠨ ᠢ ᠴᠤᠭᠯᠠᠷᠠᠭᠤᠯᠬᠤ ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠡᠪᠴᠢᠶᠡᠵᠢᠭᠰᠡᠨ ᠨᠥᠯᠥᠭᠡ ᠦᠢᠯᠡᠳᠦᠯ ᠪᠣᠯᠣᠨ ᠥᠷᠢᠰᠦᠯᠳᠦᠭᠡᠨ ᠤ ᠳᠠᠪᠠᠭᠤᠯᠢᠭ ᠢ ᠪᠦᠷᠢᠯᠳᠦᠭᠦᠯᠬᠦ ᠳᠤ ᠠᠰᠢᠭᠲᠠᠢ ᠶᠤᠮ ᠃ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠪᠦᠬᠦ ᠤᠯᠤᠰ ᠢᠶᠠᠷ ᠢᠶᠠᠨ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ ᠂ ᠡᠯ᠎ᠡ ᠭᠠᠵᠠᠷ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ ᠂ ᠲᠤᠰᠬᠠᠶᠢᠵᠢᠭᠤᠯᠬᠤ ᠂ ᠵᠦᠷᠢᠶᠡᠵᠢᠬᠦᠯᠬᠦ ᠂ ᠣᠨᠴᠠᠯᠢᠬᠵᠢᠭᠤᠯᠬᠤ ᠲᠠᠯ᠎ᠠ ᠪᠠᠷ ᠬᠦᠴᠦ ᠲᠠᠯᠪᠢᠵᠤ ᠂ ᠬᠢᠬᠦ ᠴᠢᠬᠤᠯᠠᠲᠠᠢ ᠶᠢ ᠨᠢ ᠬᠢᠵᠦ ᠴᠢᠬᠤᠯᠠ ᠦᠭᠡᠢ ᠶᠢ ᠨᠢ ᠦᠯᠦ ᠬᠢᠬᠦ ᠶᠢ ᠭᠦᠢᠴᠡᠳᠬᠡᠬᠦ ᠬᠡᠷᠡᠭᠲᠡᠢ ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠮᠡᠷᠭᠡᠵᠢᠯ ᠤᠨ ᠰᠢᠨᠡᠴᠢᠯᠡᠯᠲᠡ ᠬᠢᠬᠦ ᠪᠠ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ ᠂ ᠳᠡᠭᠡᠳᠦ ᠲᠡᠰ ᠤᠨ ᠂ ᠣᠶᠤᠨᠴᠢᠯᠠᠭᠰᠠᠨ ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ ᠴᠢᠨᠠᠷ ᠰᠠᠶᠢᠲᠠᠢ ᠠᠵᠤ ᠠᠬᠤᠶᠢᠯᠠᠯ ᠤᠨ ᠬᠠᠮᠲᠤᠯᠢᠭ ᠢ ᠪᠤᠵᠠᠭᠠᠶᠢᠷᠠᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠲᠤᠷ ᠤᠶᠠᠯᠳᠤᠭᠤᠯᠬᠤ ᠶᠢ ᠪᠠᠷᠢᠮᠲᠠᠯᠠᠵᠤ ᠂ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ ᠃
ᠬᠤᠷᠠᠯ ᠠᠴᠠ ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ ᠪᠠᠶᠢᠵᠤ ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠶᠢ ᠠᠬᠢᠭᠤᠯᠵᠤ ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠠᠰᠢᠭᠲᠠᠢ ᠪᠠᠷ ᠪᠠᠷᠠᠬᠤ ᠦᠭᠡᠢ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ ᠃ ᠬᠤᠷᠠᠯ ᠠᠴᠠ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠪᠠ ᠃ ᠬᠤᠷᠠᠯ ᠠᠴᠠ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠪᠣᠭᠤᠮᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠵᠤ ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠂ ᠠᠵᠢᠯᠯᠠᠭᠤᠯᠤᠨ ᠡᠵᠡᠩᠨᠡᠬᠦ ᠂ ᠠᠷᠠᠴᠢᠯᠠᠨ ᠬᠠᠮᠠᠭᠠᠯᠠᠬᠤ ᠵᠠᠭᠪᠤᠷ ᠰᠢᠨ᠎ᠡ ᠶᠢ ᠡᠭᠦᠳᠴᠦ ᠂ 《ᠪᠠᠶᠢᠭᠤᠯᠬᠤ ᠬᠥᠮᠥᠨ ᠲᠠᠢ ᠂ ᠬᠠᠮᠢᠶᠠᠷᠬᠤ ᠬᠥᠮᠥᠨ ᠲᠠᠢ ᠂ ᠦᠷᠭᠦᠯᠵᠢᠯᠡᠭᠦᠯᠵᠤ ᠴᠢᠳᠠᠬᠤ》 ᠶᠢ ᠪᠠᠲᠤᠯᠠᠬᠤ ᠬᠡᠷᠡᠭᠲᠡᠢ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠷᠤᠯᠠᠭᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ ᠶᠢ ᠳᠣᠷᠣᠭᠰᠢ ᠪᠠᠭᠤᠯᠭᠠᠵᠤ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠳᠡᠭᠡ ᠲᠣᠰᠬᠤᠨ ᠳᠤ ᠬᠠᠨᠳᠤᠭᠤᠯᠤᠨ ᠵᠠᠰᠠᠪᠤᠷᠢ ᠠᠷᠠᠴᠢᠯᠠᠭᠠᠨ ᠤ ᠮᠡᠷᠭᠡᠵᠢᠯᠲᠡᠨ ᠬᠥᠮᠥᠵᠢᠭᠦᠯᠬᠦ ᠶᠢ ᠵᠣᠷᠢᠭᠵᠢᠭᠤᠯᠵᠤ ᠂ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠬᠤ ᠶᠢ ᠵᠣᠷᠢᠭᠵᠢᠭᠤᠯᠬᠤ ᠶᠢᠨ ᠬᠠᠮᠲᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃