ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠵᠦ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠨᠠᠮ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ︾ ᠭᠡᠬᠦ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ ᠰᠦᠨ ᠱᠤᠤ ᠴᠧᠩ ᠸᠠᠩ ᠯᠢ ᠰᠢᠶᠠ ᠣᠷᠣᠯᠴᠠᠵᠠᠢ
2023 5 ᠳ᠋ᠤᠭᠠᠷ ᠰᠠᠷ᠎ᠠ ᠶᠢᠨ 5 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ ᠂ 《ᠦᠵᠡᠰᠬᠦᠯᠡᠩᠲᠦ ᠰᠠᠶᠢᠬᠠᠨ ᠥᠪᠥᠷ ᠮᠣᠩᠭᠤᠯ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠨᠠᠮ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ 》ᠭᠡᠬᠦ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠭᠢᠨ ᠡᠷᠭᠢᠴᠡᠭᠦᠯᠪᠡ ᠃
ᠦᠵᠡᠭᠦᠯᠭᠡ ᠨᠢ 《ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ》《ᠠᠭᠤᠤ ᠶᠡᠭᠡ ᠲᠤᠭ ᠢ ᠥᠨᠳᠥᠷ ᠮᠠᠨᠳᠤᠭᠤᠯᠤᠶ᠎ᠠ》《ᠰᠢᠨ᠎ᠡ ᠬᠠᠭᠤᠳᠠᠰᠤ ᠶᠢ ᠪᠢᠴᠢᠭᠯᠡᠶ᠎ᠡ》ᠭᠡᠬᠦ 3 ᠨᠢᠭᠡᠴᠢ ᠬᠤᠪᠢᠶᠠᠵᠤ ᠂ 200 ᠭᠠᠷᠤᠢ ᠵᠢᠷᠤᠭ ᠂ 46 ᠬᠤᠪᠢ︵ᠢᠵᠢ︶ᠦᠵᠡᠭᠦᠯᠭᠡ ᠶᠢᠨ ᠵᠠᠭᠪᠤᠷ᠂ 8 ᠳᠦᠷᠰᠦ ᠰᠢᠩᠭᠡᠭᠡᠯᠲᠡ ᠶᠢᠨ ᠸᠢᠳᠢᠤ᠋ ᠵᠢᠴᠢ ᠬᠡᠰᠡᠭ ᠲᠠᠯ᠎ᠠ ᠶᠢᠨ ᠦᠵᠡᠭᠳᠡᠯ ᠵᠡᠷᠭᠡ ᠶᠢ ᠠᠰᠢᠭᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠭᠤᠳ ᠂ ᠳᠦᠷᠰᠦᠯᠢᠭ ᠂ ᠠᠮᠢᠳᠤᠯᠢᠭ ᠢᠶᠠᠷ ᠲᠠᠶᠢᠯᠪᠤᠷᠢᠯᠠᠵᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠡᠯᠪᠡᠭ ᠠᠮᠵᠢᠯᠲᠠ ᠪᠦᠲᠦᠭᠡᠯ ᠵᠢᠴᠢ ᠥᠪᠥᠷ ᠮᠣᠩᠭᠤᠯ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠪᠠ ᠪᠣᠳᠠᠲᠤ ᠠᠵᠢᠯᠯᠠᠭ᠎ᠠ ᠶᠢ ᠪᠦᠭᠦ ᠲᠠᠯ᠎ᠠ ᠪᠠᠷ ᠪᠣᠰᠤᠭ᠎ᠠ ᠴᠣᠭᠴᠠ ᠪᠠᠷ ᠢᠯᠡᠷᠡᠭᠦᠯᠪᠡ ᠃
ᠶᠡᠭᠡ ᠬᠢᠩᠭᠠᠨ ᠳᠠᠪᠠᠭ᠎ᠠ ᠶᠢᠨ 《ᠰᠦᠬᠡ ᠪᠠᠨ ᠡᠯᠭᠦᠨ ᠬᠢᠷᠦᠭᠡᠳᠡᠬᠦ ᠪᠠᠨ ᠪᠣᠯᠢᠭᠰᠠᠨ》ᠠᠵᠢᠯᠲᠠᠨ ᠤ ᠮᠣᠳᠣ ᠣᠭᠲᠣᠯᠬᠤ ᠠᠵᠢᠯ ᠤᠨ ᠦᠨᠡᠮᠯᠡᠯ ᠨᠢ ᠣᠶ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠦᠨᠡᠮᠯᠡᠯ ᠪᠣᠯᠵᠤ ᠬᠤᠪᠢᠷᠠᠭᠰᠠᠨ ᠂ ᠮᠠᠨ ᠤ ᠣᠷᠣᠨ ᠤ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ 《ᠥᠪᠥᠷ ᠮᠣᠩᠭᠤᠯ ᠴᠢᠫ》ᠪᠠᠷᠠᠭᠠᠨ ᠤ ᠰᠦᠯᠵᠢᠶ᠎ᠡ ᠶᠢᠨ ᠨᠦᠯᠦᠭᠡᠯᠡᠭᠦᠷ ᠤᠨ ᠴᠢᠫ ᠂ ᠪᠦᠭᠦ ᠪᠥᠮᠪᠥᠷᠴᠡᠭ ᠤᠨ ᠠᠩᠬᠠᠳᠠᠬᠴᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠡᠯᠧᠺᠲᠷᠣᠨ ᠡᠯᠡᠰᠦᠨ ᠴᠠᠷ᠎ᠠ ᠁ ᠡᠳᠡᠭᠡᠷ ᠠᠮᠢᠳᠤᠯᠢᠭ ᠵᠢᠷᠤᠭ ᠳᠦᠷᠰᠦ ᠂ ᠨᠠᠷᠢᠯᠢᠭ ᠪᠣᠳᠠᠲᠠᠢ ᠮᠠᠲ᠋ᠧᠷᠢᠶᠠᠯ ᠂ ᠠᠳᠠᠯᠢᠬᠠᠨ ᠦᠵᠡᠮᠵᠢ ᠪᠠᠶᠢᠳᠠᠯ ᠨᠢ ᠣᠯᠠᠨ ᠤ ᠠᠩᠬᠠᠷᠤᠯ ᠢ ᠲᠠᠲᠠᠪᠠ ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ ᠂ ᠪᠠᠶᠢᠨ ᠳᠠᠭᠢᠨ ᠵᠣᠭᠰᠣᠨ ᠰᠣᠨᠢᠷᠬᠠᠵᠤ ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠭᠤᠷᠢᠨ ᠦᠵᠡᠭᠰᠡᠨ ᠣᠯᠣᠯᠲᠠ ᠲᠥᠷᠥᠭᠳᠡᠯ ᠢᠶᠠᠨ ᠬᠠᠷᠢᠯᠴᠠᠨ ᠰᠣᠯᠢᠯᠴᠠᠪᠠ ᠃
ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠠᠩᠭᠠᠷᠢᠭᠯᠠᠬᠤ ᠶᠡᠭᠡ ᠲᠢᠩᠬᠢᠮ ᠳᠤ ᠣᠷᠣᠵᠤ ᠂ ᠰᠦᠨ ᠱᠤᠤ ᠴᠧᠩ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠶᠢ ᠲᠠᠭᠢᠨ ᠡᠷᠭᠢᠴᠡᠭᠦᠯᠪᠡ ᠃ ᠤᠯᠠᠨ ᠢᠶᠠᠷ ᠢᠶᠠᠨ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠲᠤ ᠬᠠᠨᠳᠤᠵᠤ ᠂ ᠪᠠᠷᠠᠭᠤᠨ ᠨᠢᠳᠤᠷᠭ᠎ᠠ ᠪᠠᠨ ᠡᠷᠭᠦᠨ ᠲᠠᠩᠭᠠᠷᠢᠭᠯᠠᠬᠤ ᠳᠤ ᠡᠷᠡᠰ ᠪᠠᠲᠤ ᠲᠠᠩᠭᠠᠷᠢᠭ ᠤᠨ ᠦᠭᠡ ᠨᠢ ᠶᠡᠭᠡ ᠲᠢᠩᠬᠢᠮ ᠳᠤ ᠴᠤᠤᠷᠢᠶᠠᠲᠤᠵᠤ ᠂ ᠲᠤᠬᠠᠢ ᠶᠢᠨ ᠲᠠᠯᠠᠪᠠᠢ ᠳᠤ ᠪᠠᠶᠢᠭ᠎ᠠ ᠨᠥᠬᠦᠳ ᠨᠢᠭᠡ ᠪᠦᠷᠢ ᠳᠤ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠣᠯᠣᠨ ᠦᠵᠡᠯ ᠰᠠᠨᠠᠭᠠᠨ ᠤ ᠠᠷᠢᠭᠤᠳᠬᠠᠯ ᠬᠦᠷᠲᠡᠭᠡᠪᠡ ᠃
ᠯᠢᠦ ᠱᠤᠸᠠᠩ ᠂ ᠵᠧᠩ ᠬᠤᠩ ᠹᠠᠨ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠯᠢ ᠢᠦᠢ ᠭᠠᠩ ᠂ ᠬᠦᠦᠳᠠᠭᠤᠯᠠ ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃