ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠸᠠᠩ ᠯᠢ ᠰᠢᠶᠠ ᠤᠯᠠᠭᠠᠨᠴᠠᠪ ᠲᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ
2023 5 ᠳ᠋ᠤᠭᠠᠷ ᠰᠠᠷ᠎ᠠ ᠶᠢᠨ 4 ᠤ ᠡᠳᠦᠷ ᠂ ᠸᠠᠩ ᠯᠢ ᠰᠢᠶᠠ ᠤᠯᠠᠭᠠᠨᠴᠠᠪ ᠲᠤ ᠬᠦᠷᠴᠦ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠵᠤ ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ ᠃
ᠸᠠᠩ ᠯᠢ ᠰᠢᠶᠠ ᠵᠢᠢ ᠲᠢᠶᠧ ᠲᠡᠮᠦᠷ ᠤᠨ ᠬᠠᠶᠢᠯᠤᠰᠢ ᠂ ᠫᠦ᠋ ᠽᠧ ᠰᠢᠨ᠎ᠡ ᠮᠠᠲ᠋ᠧᠷᠢᠶᠠᠯ ᠂ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠂ ᠷᠦᠢ ᡁᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ 4 ᠠᠵᠤ ᠠᠬᠤᠶᠢᠯᠠᠯ ᠳᠤ ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠮᠦᠷ ᠤᠨ ᠬᠠᠶᠢᠯᠤᠰᠢ ᠶᠢ ᠬᠠᠶᠢᠯᠤᠭᠤᠯᠬᠤ ᠳᠤ ᠡᠭᠦᠰᠦᠭᠰᠡᠨ ᠬᠠᠶᠠᠭᠳᠠᠮᠠᠯ ᠬᠡᠢ ᠶᠢ ᠨᠢ ᠬᠤᠷᠢᠶᠠᠨ ᠠᠪᠴᠤ ᠴᠠᠬᠢᠯᠭᠠᠨ ᠭᠠᠷᠭᠠᠬᠤ ᠳᠤ ᠬᠡᠷᠡᠭᠯᠡᠬᠦ ᠪᠤᠶᠤ ᠣᠨᠳᠣᠣᠰᠢᠭᠤᠯᠵᠤ ᠂ ᠬᠠᠶᠠᠭᠳᠠᠮᠠᠯ ᠰᠢᠭᠠᠷᠤ ᠪᠠᠷ ᠨᠢ ᠴᠢᠯᠠᠭᠤᠯᠢᠭ ᠬᠥᠪᠥᠩ ᠂ ᠠᠨᠢᠷ ᠰᠢᠮᠡᠳᠬᠦ ᠬᠠᠪᠲᠠᠰᠤ ᠵᠡᠷᠭᠡ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠵᠦ ᠪᠠᠶᠢᠬᠤ ᠶᠢ ᠦᠵᠡᠭᠡᠳ ᠲᠡᠷᠡ ᠮᠠᠰᠢ ᠪᠠᠶᠠᠷ ᠲᠠᠢ ᠪᠠᠷ ᠂ ᠡᠨᠡ ᠬᠦ ᠵᠠᠭᠪᠤᠷ ᠨᠢ ᠮᠠᠰᠢ ᠰᠠᠶᠢᠨ ᠂ ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠵᠡᠷᠭᠡ ᠬᠤᠶᠠᠷ ᠢ ᠪᠠᠭᠤᠷᠠᠭᠤᠯᠬᠤ ᠶᠢ ᠪᠡᠶᠡᠯᠡᠭᠦᠯᠪᠡ ᠂ ᠡᠨᠡ ᠬᠦ ᠰᠡᠳᠬᠢᠮᠵᠢ ᠪᠠᠷ ᠪᠦᠬᠦᠯᠢ ᠴᠣᠭᠴᠠ ᠪᠠᠷ ᠨᠢ ᠲᠥᠯᠥᠪᠵᠢᠭᠦᠯᠵᠦ ᠂ ᠪᠤᠢ ᠪᠦᠬᠦᠢ ᠬᠠᠶᠠᠭᠳᠠᠮᠠᠯ ᠬᠡᠢ ᠂ ᠬᠠᠶᠠᠭᠳᠠᠮᠠᠯ ᠰᠢᠭᠠᠷᠤ ᠶᠢ ᠲᠥᠪᠯᠡᠷᠡᠭᠦᠯᠦᠨ ᠡᠷᠭᠢᠯᠳᠦᠭᠦᠯᠦᠨ ᠠᠰᠢᠭᠯᠠᠵᠤ ᠂ ᠨᠢᠭᠡᠨ ᠰᠢᠨ᠎ᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠭᠠᠰᠤᠭᠰᠠᠨ ᠪᠠᠶᠢᠳᠠᠯ ᠳᠤ ᠴᠢᠭᠯᠡᠭᠦᠯᠦᠨ ᠂ ᠸᠠᠩ ᠯᠢ ᠰᠢᠶᠠ ᠠᠵᠤ ᠠᠬᠤᠶᠢᠯᠠᠯ ᠤᠨ ᠬᠢᠨ ᠢ ᠬᠤᠪᠢᠰᠤᠩᠭᠤᠢ ᠪᠠᠷ ᠬᠠᠨᠳᠤᠵᠤ ᠂ ᠣᠷᠣᠨ ᠪᠠᠶᠢᠷᠢᠯᠠᠯ ᠤᠨ ᠳᠠᠪᠠᠭᠤᠯᠢᠭ ᠂ ᠥᠪᠡᠷ ᠤᠨ ᠥᠷᠲᠡᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠵᠤ ᠂ ᠦᠢᠯᠡᠳᠬᠦᠨ ᠤ ᠪᠦᠲᠦᠴᠡ ᠳᠡᠭᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠂ ᠡᠴᠦᠰ ᠤᠨ ᠬᠡᠯᠬᠢᠶ᠎ᠡ ᠶᠢᠨ ᠭᠠᠳᠠᠭᠰᠢ ᠪᠠᠨ ᠬᠥᠭᠵᠢᠬᠦ ᠶᠢ ᠨᠢᠭᠲᠠ ᠴᠢᠩᠭ᠎ᠠ ᠠᠩᠬᠠᠷᠴᠤ ᠂ ᠵᠠᠬ᠎ᠠ ᠳᠡᠯᠭᠡᠭᠦᠷ ᠡᠵᠡᠯᠡᠬᠦ ᠨᠣᠷᠮ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ ᠃ ᠲᠡᠷᠡ ᠪᠠᠰᠠ ᠠᠵᠤ ᠠᠬᠤᠶᠢᠯᠠᠯ ᠤᠨ ᠬᠢᠨ ᠳᠤ ᠦᠢᠯᠡᠳᠪᠦᠷᠢᠯᠡᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠶᠠᠭᠠᠬᠢᠭᠰᠠᠨ ᠴᠤ ᠠᠰᠠᠭᠤᠳᠠᠯ ᠭᠠᠷᠭᠠᠵᠤ ᠪᠣᠯᠬᠤ ᠦᠭᠡᠢ ᠭᠡᠵᠦ ᠲᠠᠭᠢᠨ ᠳᠠᠪᠲᠠᠨ ᠵᠠᠬᠢᠪᠠ ᠃
ᠲᠠᠷᠠᠭ᠋᠎ᠠ ᠨᠢ ᠂ ᠸᠠᠩ ᠯᠢ ᠰᠢᠶᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠲᠡᠰ ᠳᠡᠪᠰᠢᠭᠦᠯᠬᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠳᠤᠮᠳᠠᠳᠤ ᠤᠯᠤᠰ ᠤᠨ ᠲᠡᠮᠦᠷ ᠤᠨ ᠬᠠᠶᠢᠯᠤᠰᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠱᠢ ᠸᠠᠨ ᠯᠢ ᠪᠣᠯᠣᠨ 7 ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠴᠤ ᠂ ᠤᠯᠠᠨ ᠤ ᠳᠤᠷᠠᠳᠤᠭᠰᠠᠨ 《ᠪᠠᠭᠲᠠᠭᠠᠮᠵᠢ ᠨᠢ ᠶᠡᠭᠡ ᠪᠣᠯᠪᠠᠴᠤ ᠦᠭᠡ ᠬᠡᠯᠡᠬᠦ ᠡᠷᠬᠡ ᠨᠢ ᠪᠠᠭ᠎ᠠ》《ᠬᠡᠷᠬᠢᠨ ᠶᠠᠭᠤ ᠴᠤ ᠦᠯᠡᠳᠡᠭᠡᠯ ᠦᠭᠡᠢ ᠪᠦᠭᠦᠨ ᠢ ᠠᠰᠢᠭᠯᠠᠬᠤ 》《ᠬᠡᠷᠬᠢᠨ ᠨᠡᠶᠢᠳᠬᠡᠵᠦ ᠲᠡᠰ ᠳᠡᠪᠰᠢᠭᠦᠯᠬᠦ》ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠲᠡᠷᠡ ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠬᠥᠭᠵᠢᠭᠦᠯᠬᠦ ᠶᠢᠨ ᠭᠤᠣᠯ ᠨᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠠᠪᠤᠳᠠᠯ ᠪᠣᠯᠣᠨ᠎ᠠ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠶᠣᠰᠣᠭᠠᠷ ᠨᠠᠷᠢᠨ ᠨᠢᠮᠪᠠᠢ ᠲᠥᠯᠥᠪᠵᠢᠭᠦᠯᠵᠦ ᠂ ᠠᠵᠤ ᠦᠢᠯᠡᠰ ᠤᠨ ᠦᠶ᠎ᠡ ᠰᠣᠯᠢᠭᠳᠠᠨ ᠲᠠᠰ ᠳᠡᠪᠰᠢᠬᠦ ᠪᠠ ᠡᠷᠭᠢᠯᠲᠡᠲᠦ ᠬᠥᠭᠵᠢᠯᠲᠡ ᠶᠢ ᠠᠬᠢᠭᠤᠯᠵᠤ ᠂ ᠬᠤᠳᠠᠯᠳᠤᠭᠠᠨ ᠤ ᠰᠢᠨ᠎ᠡ ᠠᠵᠠ ᠲᠣᠭᠢᠶᠠᠯ ᠢ ᠵᠠᠪᠳᠤᠨ ᠠᠮᠵᠢᠵᠤ ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠬᠡᠯᠡᠪᠡ ᠃ ᠲᠤᠬᠠᠢ ᠶᠢᠨ ᠲᠠᠯᠠᠪᠠᠶ ᠳᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠂ ᠪᠦᠭᠦ ᠲᠠᠯ᠎ᠠ ᠳᠤ ᠵᠣᠭᠰᠣᠵᠤ ᠂ ᠣᠳᠣᠬᠠᠨ ᠤ ᠪᠠᠶᠢᠳᠠᠯ ᠳᠤ ᠰᠠᠭᠤᠷᠢᠯᠠᠨ ᠂ ᠠᠯᠤᠰ ᠭᠡᠲᠦ ᠶᠢ ᠪᠣᠳᠣᠯᠬᠢᠯᠠᠵᠤ ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠠᠲᠠᠢ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠰᠤᠳᠤᠯᠤᠨ ᠳᠤᠷᠠᠳᠴᠤ ᠭᠠᠷᠭᠠᠬᠤ ᠬᠡᠷᠡᠭᠲᠡᠢ ᠭᠡᠵᠦ ᠱᠠᠭᠠᠷᠳᠠᠪᠠ ᠃
ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠵᠠᠢ ᠃