ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ︾ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠠ
ᠣᠶᠢᠷ᠎ᠠ ᠶᠢᠨ ᠡᠳᠦᠷ ᠤᠳ ᠲᠤ ᠂ ᠪᠦᠭᠦ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠢᠳᠡᠪᠬᠢᠲᠡᠢ ᠡᠷᠭᠢᠯᠡᠵᠦ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠬᠡᠵᠦ ᠂ ᠵᠣᠷᠢᠭ ᠰᠠᠨᠠᠭ᠎ᠠ ᠪᠠᠨ ᠨᠢᠭᠡᠳᠬᠡᠵᠦ ᠂ ᠦᠢᠯᠡ ᠠᠵᠢᠯᠯᠠᠭ᠎ᠠ ᠪᠠᠨ ᠨᠢᠭᠡᠳᠬᠡᠵᠦ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠂ ᠰᠤᠷᠤᠯᠴᠠᠯᠭ᠎ᠠ ᠪᠠᠷ ᠬᠡᠪ ᠰᠤᠷᠲᠠᠯ ᠢᠶᠠᠨ ᠲᠥᠪ ᠪᠣᠯᠭᠠᠬᠤ ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠪᠠ ᠃
4 ᠰᠠᠷ᠎ᠠ ᠶᠢᠨ 24— 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠦ ᠂ ᠲᠤᠰᠬᠠᠢ ᠮᠡᠷᠭᠡᠵᠢᠯᠲᠡᠨ ᠲᠠᠶᠢᠯᠤᠮᠵᠢ ᠬᠢᠬᠦ ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ ᠂ ᠰᠥᠨᠢ ᠶᠢᠨ ᠰᠤᠷᠭᠠᠭᠤᠯᠢ ᠳᠤ ᠰᠤᠷᠤᠯᠴᠠᠬᠤ ᠂ ᠬᠤᠪᠢ ᠬᠥᠮᠥᠨ ᠥᠪᠡᠰᠦᠪᠡᠨ ᠰᠤᠷᠤᠯᠴᠠᠬᠤ ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠂ ᠨᠠᠮ ᠤᠨ ᠡᠭᠦᠷ ᠢᠶᠠᠷ ᠢᠶᠠᠨ ᠶᠠᠷᠢᠯᠴᠠᠬᠤ ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠂ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠠᠵᠢᠯ ᠪᠠ ᠰᠤᠷᠤᠯᠴᠠᠬᠤ ᠴᠠᠭ ᠢᠶᠠᠨ ᠵᠦᠢ ᠵᠣᠬᠢᠰᠲᠠᠢ ᠲᠣᠬᠢᠷᠠᠭᠤᠯᠵᠤ ᠂ ᠰᠤᠷᠤᠯᠴᠠᠬᠤ ᠡᠭᠦᠷᠭᠡ ᠪᠠᠨ ᠬᠢᠨᠠᠮᠠᠭᠠᠢ ᠪᠡᠶᠡᠯᠡᠭᠦᠯᠬᠦ ᠶᠢ ᠪᠠᠲᠤᠯᠠᠬᠤ ᠭᠡᠷᠡᠭᠲᠡᠶ︔ ᠡᠷᠬᠡᠪᠰᠢ ᠰᠤᠷᠤᠯᠴᠠᠬᠤ ᠂ ᠪᠠᠶᠢᠴᠠᠭᠠᠬᠤ ᠂ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠲᠣᠭᠲᠠᠭᠰᠠᠨ ᠨᠣᠮ ᠢ ᠨᠢᠭᠡᠳ ᠨᠢᠭᠡ ᠪᠠᠷ ᠳᠠᠷᠠᠭᠠᠯᠠᠨ ᠤᠩᠰᠢᠵᠤ ᠂ ᠨᠢᠭᠡ ᠨᠢᠭᠡ ᠪᠠᠳᠠᠭ ᠢᠶᠠᠷ ᠣᠶᠢᠯᠠᠭᠠᠵᠤ ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠢ ᠦᠨᠡᠨ ᠬᠦ ᠪᠡᠶᠡᠯᠡᠭᠦᠯᠵᠦ ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠭᠡᠷᠡᠭᠲᠡᠢ︔ ᠡᠷᠬᠡᠪᠰᠢ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ ᠂ ᠥᠨᠳᠥᠷ ᠪᠠᠷᠢᠮᠵᠢᠶ᠎ᠠ ᠂ ᠥᠨᠳᠥᠷ ᠱᠠᠭᠠᠷᠳᠠᠯᠭ᠎ᠠ ᠶᠢ ᠪᠠᠷᠢᠮᠲᠠᠯᠠᠵᠤ ᠂ ᠤᠯᠤᠰ ᠲᠥᠷᠥ ᠶᠢᠨ ᠣᠨᠣᠯ ᠤᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢᠨ ᠴᠢᠳᠠᠪᠤᠷᠢ ᠂ ᠪᠦᠭᠦ ᠲᠠᠯ᠎ᠠ ᠶᠢ ᠡᠵᠡᠮᠳᠡᠬᠦ ᠴᠢᠳᠠᠪᠤᠷᠢ ᠂ ᠬᠤᠷᠸ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠂ ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ ᠪᠣᠯᠣᠨ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠬᠦ ᠂《 ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ ᠃
4 ᠰᠠᠷ᠎ᠠ ᠶᠢᠨ 24 — 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠤ ᠂ ᠬᠠᠪᠰᠤᠷᠤᠨ ᠵᠢᠯᠤᠭᠤᠳᠬᠤ ᠲᠠᠶᠢᠯᠤᠮᠵᠢ ᠬᠢᠬᠦ ᠂ ᠵᠢᠭᠠᠬᠤ ᠮᠠᠲ᠋ᠧᠷᠢᠶᠠᠯ ᠢ ᠥᠪᠡᠷ ᠢᠶᠠᠨ ᠰᠤᠷᠬᠤ ᠂ ᠸᠢᠳᠢᠤ᠋ ᠦᠵᠡᠬᠦ ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠂ ᠦᠢᠯᠡᠳᠦᠯᠭᠡ ᠶᠢᠨ ᠠᠵᠢᠯᠯᠠᠭ᠎ᠠ ᠂ ᠤᠨᠤᠯ ᠤᠨ ᠰᠣᠷᠢᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲᠸᠮᠵᠢ ᠂ ᠭᠤᠣᠯᠯᠠᠬᠤ ᠴᠢᠬᠤᠯᠠ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ ᠂ ᠰᠤᠷᠤᠯᠴᠠᠬᠤ ᠪᠠᠷ ᠡᠬᠢᠯᠡᠯᠲᠡ ᠪᠣᠯᠭᠠᠬᠤ ᠶᠢ ᠪᠠᠷᠢᠮᠲᠠᠯᠠᠨ ᠂ 《ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ》 ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠂ ᠰᠡᠳᠬᠢᠯ ᠳᠡᠭᠡᠨ ᠬᠠᠳᠠᠩᠰᠢᠭᠤᠯᠵᠤ ᠂ ᠪᠣᠳᠠᠲᠠᠢ ᠬᠢᠬᠦ ᠶᠢ ᠠᠬᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠪᠡ ᠃
ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠨᠢᠭᠡᠨᠲᠡ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠵᠠᠯᠭᠠᠭ᠎ᠠ ᠪᠠᠷ ᠬᠤᠶᠠᠷ ᠬᠤᠭᠤᠴᠠᠭ᠎ᠠ ᠡᠷᠭᠢᠯᠡᠵᠦ ᠂ ᠲᠤᠰᠬᠠᠢ ᠰᠡᠳᠦᠪᠲᠦ ᠨᠠᠮ ᠤᠨ ᠬᠢᠴᠢᠶᠡᠯ ᠂ ᠸᠢᠳᠢᠤ᠋ ᠲᠠᠶᠢᠯᠤᠮᠵᠢ ᠬᠢᠬᠦ ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠂ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠨᠠᠮ ᠤᠨ ᠭᠡᠰᠢᠭᠦᠨ ᠺᠠᠳ᠋ᠷᠴᠤᠳ ᠭᠤᠣᠯ ᠰᠡᠳᠦᠪᠲᠦ ᠬᠥᠮᠦᠵᠢᠯ ᠤᠨ 《ᠦᠵᠡᠯ ᠰᠠᠨᠠᠭ᠎ᠠ ᠶᠢ ᠰᠤᠷᠤᠯᠴᠠᠠ ᠂ ᠨᠠᠮᠴᠢ ᠴᠢᠨᠠᠷ ᠢᠶᠠᠨ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠨ ᠂ ᠰᠢᠨ᠎ᠡ ᠭᠠᠪᠢᠶ᠎ᠠ ᠪᠠᠶᠢᠭᠤᠯᠬᠤ 》 ᠶᠡᠷᠦᠩᠬᠡᠢ ᠱᠠᠭᠠᠷᠳᠠᠯᠭ᠎ᠠ ᠶᠣᠰᠣᠭᠠᠷ ᠂ ᠡᠨᠡ ᠤᠳᠠᠭᠠᠨ ᠤ ᠨᠣᠮ ᠤᠩᠰᠢᠬᠤ ᠠᠩᠭᠢ ᠪᠠᠷ ᠲᠣᠭᠢᠶᠠᠯ ᠪᠣᠯᠭᠠᠵᠤ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠤ ᠬᠦᠴᠦᠯᠡᠬᠦ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠶᠢᠳᠠᠯ ᠢᠶᠠᠨ ᠪᠠᠲᠤᠳᠬᠠᠬᠤ ᠂ ᠠᠷᠠᠳ ᠲᠦᠮᠡᠨ ᠤ ᠵᠣᠭᠰᠣᠯᠲᠠ ᠳᠡᠭᠡᠷ᠎ᠡ ᠪᠠᠲᠤ ᠵᠣᠭᠰᠣᠬᠤ ᠳᠡᠭᠡᠷ᠎ᠡ ᠬᠦᠴᠦ ᠲᠠᠯᠪᠢᠵᠤ ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠡᠳᠦᠪᠲᠦ ᠬᠥᠮᠦᠵᠢᠯ ᠤᠨ ᠦᠢᠯᠡᠳᠦᠯᠭᠡ ᠶᠢᠨ ᠦᠷ᠎ᠡ ᠪᠦᠲᠦᠮᠵᠢ ᠶᠢ ᠬᠡᠮᠵᠢᠬᠦ ᠦᠨᠳᠦᠰᠦᠨ ᠪᠠᠷᠢᠮᠵᠢᠶ᠎ᠠ ᠪᠣᠯᠭᠠᠵᠤ ᠂ ᠭᠤᠣᠯ ᠰᠡᠳᠦᠪᠲᠦ ᠬᠥᠮᠦᠵᠢᠯ ᠢ ᠦᠨᠡᠨ ᠬᠦ ᠬᠢᠨᠠᠨ ᠪᠤᠳᠤᠬᠤ ᠠᠵᠢᠯ ᠤᠨ ᠪᠦᠭᠦ ᠶᠠᠪᠤᠴᠠ ᠳᠤ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠦᠨ ᠂ ᠰᠤᠷᠤᠯᠴᠠᠯᠭ᠎ᠠ ᠪᠠᠷ ᠬᠡᠪ ᠰᠤᠷᠲᠠᠯ ᠢᠶᠠᠨ ᠲᠥᠪ ᠪᠣᠯᠭᠠᠵᠤ ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠵᠤ ᠂ ᠨᠡᠩ ᠥᠨᠳᠥᠷ ᠤᠯᠤᠰ ᠲᠥᠷᠥ ᠶᠢᠨ ᠵᠣᠭᠰᠣᠴᠠ ᠂ ᠨᠠᠩ ᠴᠢᠩᠭ᠎ᠠ ᠠᠰᠠᠭᠤᠳᠠᠯ ᠤᠨ ᠤᠬᠠᠮᠰᠠᠷ ᠂ ᠨᠠᠩ ᠬᠦᠴᠦᠲᠡᠢ ᠦᠢᠯᠡᠳᠦᠯᠭᠡ ᠶᠢᠨ ᠴᠢᠳᠠᠪᠤᠷᠢ ᠪᠠᠷ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃