ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠭᠢᠯᠡᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠴᠧ ᠵᠢᠶᠦ᠋ᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
2023 5 ᠰᠠᠷ᠎ᠠ ᠶᠢᠨ 5 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠲᠥᠪ ᠤᠨ ᠨᠢᠭᠡᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠂ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ ᠰᠠᠨ ᠵᠢᠴᠢ ᠪᠦᠭᠦ ᠪᠦᠷᠢᠯᠳᠦᠭᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃
ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠂ ᠦᠨᠳᠦᠰᠦᠨ ᠵᠢᠷᠤᠮᠯᠠᠯ ᠬᠠᠩᠭᠠᠵᠠᠢ ᠃ ᠪᠢᠳᠡ ᠡᠨᠡ ᠬᠦ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠡᠵᠡᠮᠳᠡᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠂ ᠮᠡᠳᠡᠬᠦ ᠬᠢᠬᠦ ᠪᠠᠨ ᠨᠢᠭᠡᠳᠬᠡᠬᠦ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠦ ᠶᠡᠭᠡ ᠶᠠᠪᠤᠳᠠᠯ ᠢ ᠬᠦᠴᠦᠯᠡᠨ ᠰᠠᠶᠢᠲᠤᠷ ᠠᠳᠬᠤᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ ᠂ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠵᠤ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ ᠃
ᠰᠦᠨ ᠱᠤᠤ ᠴᠧᠩ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ ᠃ ᠠᠰᠠᠭᠤᠳᠠᠯ ᠤᠨ ᠤᠬᠠᠮᠰᠠᠷ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠭ᠎ᠠ ᠬᠥᠮᠦᠵᠢᠯ ᠢ ᠴᠢᠩᠭ᠎ᠠ ᠠᠳᠬᠤᠵᠤ ᠂ ᠦᠨᠳᠦᠰᠦᠲᠡᠨ ᠨᠦᠭᠦᠳ ᠤᠨ ᠬᠠᠮᠲᠤ ᠶᠢᠨ ᠪᠠ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠬᠦ ᠵᠡᠷᠭᠡ ᠭᠤᠣᠯᠳᠠᠯᠭ᠎ᠠ ᠳᠤ ᠲᠥᠪᠯᠡᠷᠡᠭᠦᠯᠦᠨ ᠬᠦᠴᠦᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠳᠣᠬᠢᠴᠢᠯᠠᠯᠲᠠ ᠶᠢ ᠠᠬᠢᠭᠤᠯᠬᠤ ᠶᠢᠨ ᠬᠦᠴᠦᠯᠡᠬᠦ ᠴᠡᠭ ᠪᠣᠯᠣᠨ ᠭᠠᠷᠳᠠᠬᠤ ᠴᠡᠭ ᠪᠣᠯ ᠳᠠᠷᠤᠢ《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ ᠃ ᠬᠥᠭᠵᠢᠯᠲᠡ ᠶᠢ ᠶᠡᠭᠡ ᠪᠠᠷ ᠠᠳᠬᠤᠬᠤ ᠂ ᠬᠥᠭᠵᠢᠯᠲᠡ ᠶᠢ ᠲᠦᠷᠭᠡᠳᠬᠡᠬᠦ ᠢᠲᠡᠭᠡᠯ ᠵᠣᠷᠢᠭ ᠢᠶᠠᠨ ᠪᠠᠲᠤᠳᠬᠠᠵᠤ ᠂ ᠴᠢᠩᠭ᠎ᠠ ᠠᠳᠬᠤᠵᠤ ᠲᠦᠷᠭᠡᠨ ᠠᠵᠢᠯᠯᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ 《ᠲᠠᠪᠤᠨ ᠶᠡᠭᠡ ᠡᠭᠦᠷᠭᠡ》 ᠶᠢᠨ ᠲᠠᠰᠤᠷᠠᠯᠲᠠ ᠦᠭᠡᠢ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠦᠨᠳᠦᠰᠦᠲᠡᠨ ᠤ ᠠᠵᠢᠯ ᠳᠤ ᠪᠠᠭ᠎ᠠ ᠶᠠᠪᠤᠳᠠᠯ ᠭᠡᠵᠦ ᠦᠭᠡᠢ ᠃ ᠦᠨᠳᠦᠰᠦᠲᠡᠨ ᠤ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ ᠂ ᠭᠡᠲᠦ ᠰᠡᠷᠭᠡᠭ ᠪᠠ ᠥᠯᠥ ᠣᠶᠢᠰᠢᠶᠠᠬᠤ ᠬᠤᠶᠠᠷ ᠵᠦᠢᠯ ᠤᠨ ᠪᠤᠷᠤᠭᠤ ᠬᠡᠯᠪᠡᠷᠢᠯ ᠢ ᠦᠨᠡᠨ ᠬᠦ ᠢᠯᠡᠨ ᠳᠠᠪᠠᠵᠤ ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ ᠂ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ ᠃
ᠸᠠᠩ ᠯᠢ ᠰᠢᠶᠠ ᠂ ᠯᠢᠦ ᠱᠤᠸᠠᠩ ᠂ ᠵᠧᠩ ᠬᠤᠩ ᠹᠠᠨ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠯᠢ ᠢᠦᠢ ᠭᠠᠩ ᠂ ᠬᠦᠦᠳᠠᠭᠤᠯᠠ ᠂ ᠢᠦᠢ ᠯᠢ ᠰᠢᠨ ᠦᠭᠡ ᠬᠡᠯᠡᠪᠡ ᠃