ᠵᠤᠬᠢᠶᠠᠭᠴᠢ:
ᠴᠠᠭ:2023-05-05
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠵᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ
ᠣᠶᠢᠷ᠎ᠠ ᠶᠢᠨ ᠡᠳᠦᠷ ᠲᠤ ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠬᠤᠶᠢᠨ᠎ᠠ ᠬᠤᠶᠢᠨ᠎ᠠ ᠠᠴᠠ ᠨᠢ ᠡᠷᠭᠢᠯᠡᠵᠦ ᠂ 《ᠦᠵᠡᠯ ᠰᠠᠨᠠᠭ᠎ᠠ ᠶᠢ ᠰᠤᠷᠤᠯᠴᠠᠨ ᠂ ᠨᠠᠮᠴᠢ ᠴᠢᠨᠠᠷ ᠢᠶᠠᠨ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠨ ᠂ ᠰᠢᠨ᠎ᠡ ᠭᠠᠪᠢᠶ᠎ᠠ ᠪᠠᠶᠢᠭᠤᠯᠬᠤ》ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ ᠂ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠵᠤ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠪᠠᠶᠢᠨ᠎ᠠ ᠃
4 ᠰᠠᠷ᠎ᠠ ᠶᠢᠨ 24 — 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠥᠪᠯᠡᠷᠡᠭᠦᠯᠦᠨ ᠨᠣᠮ ᠤᠩᠰᠢᠬᠤ ᠂ ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠤ ᠂ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠲᠠᠯᠪᠢᠨ ᠰᠤᠳᠤᠯᠤᠨ ᠰᠡᠳᠬᠢᠵᠦ ᠰᠤᠷᠤᠯᠴᠠᠨ ᠂ ᠨᠠᠷᠢᠨ ᠬᠢᠨᠠᠮᠠᠭᠠᠢ ᠰᠢᠰᠲ᠋ᠧᠮ ᠲᠠᠢ ᠪᠦᠭᠦ ᠲᠠᠯ᠎ᠠ ᠪᠠᠷ ᠰᠤᠷᠤᠯᠴᠠᠬᠤ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠬᠡᠷᠡᠭᠲᠡᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨ ᠬᠦ ᠬᠦᠰᠡᠯᠡᠩ ᠢᠶᠠᠨ ᠪᠠᠲᠤᠳᠬᠠᠬᠤ ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠶᠢ ᠱᠠᠭᠠᠷᠳᠠᠵᠤ ᠂ ᠪᠦᠭᠦ ᠣᠷᠣᠨ ᠤ ᠨᠢᠭᠡᠳᠦᠮᠡᠯ ᠹᠷᠣᠨᠲ ᠤᠨ ᠪᠦᠷᠢᠯᠳᠦᠭᠦᠨ ᠢ ᠬᠥᠮᠥᠵᠢᠭᠦᠯᠦᠨ ᠵᠢᠯᠤᠭᠤᠳᠴᠤ 《ᠲᠠᠪᠤᠨ ᠪᠣᠳᠠᠲᠤ ᠶᠠᠪᠤᠳᠠᠯ ᠤᠨ ᠶᠣᠰᠣ》 ᠶᠢ ᠭᠦᠨᠵᠡᠭᠡᠢ ᠲᠠᠨᠢᠭᠤᠯᠵᠤ ᠂ 《ᠲᠠᠪᠤᠨ ᠶᠡᠭᠡ ᠡᠭᠦᠷᠭᠡ》 ᠶᠢ ᠰᠠᠶᠢᠲᠤᠷ ᠪᠡᠶᠡᠯᠡᠭᠦᠯᠬᠦ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠨ ᠴᠢᠳᠠᠯ ᠢ ᠨᠢᠭᠲᠠᠷᠠᠭᠤᠯᠵᠤ ᠪᠤᠢ ᠃
4 ᠰᠠᠷ᠎ᠠ ᠶᠢᠨ 18 — 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠪᠡ ᠃ ᠨᠣᠮ ᠤᠩᠰᠢᠬᠤ ᠠᠩᠭᠢ ᠨᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ ᠲᠠᠶᠢᠯᠤᠮᠵᠢ ᠬᠢᠬᠦ ᠂ ᠬᠠᠮᠲᠤ ᠪᠠᠷ ᠰᠤᠷᠤᠯᠴᠠᠬᠤ ᠂ ᠬᠤᠪᠢ ᠬᠥᠮᠥᠨ ᠢᠶᠠᠷ ᠢᠶᠠᠨ ᠰᠤᠷᠤᠯᠴᠠᠬᠤ ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠰᠤᠷᠤᠯᠴᠠᠨ ᠤᠭ ᠶᠣᠰᠣ ᠶᠢ ᠣᠶᠢᠯᠠᠭᠠᠵᠤ ᠂ ᠣᠨᠣᠯ ᠤᠨ ᠰᠤᠷᠤᠯᠴᠠᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠣᠨᠣᠯ ᠢᠶᠠᠷ ᠵᠡᠪᠰᠡᠭᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠭᠤᠣᠯᠳᠠᠯᠭ᠎ᠠ ᠲᠠᠢ ᠠᠵᠢᠯ ᠂ ᠬᠦᠴᠢᠷᠳᠡᠯᠲᠡᠢ ᠠᠵᠢᠯ ᠵᠢᠴᠢ ᠪᠠᠭᠤᠷᠠᠢ ᠭᠤᠭᠴᠤᠭ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ ᠃
4 ᠰᠠᠷ᠎ᠠ ᠶᠢᠨ 24 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ 《ᠪᠦᠭᠦ ᠲᠠᠯ᠎ᠠ ᠪᠠᠷ ᠰᠤᠷᠤᠯᠴᠠᠬᠤ》ᠳᠤᠮᠳᠠ ᠦᠵᠡᠯ ᠰᠠᠨᠠᠭ᠎ᠠ ᠶᠢᠨ ᠠᠤᠭ᠎ᠠ ᠬᠦᠴᠦᠨ ᠢ ᠣᠶᠢᠯᠠᠭᠠᠵᠤ ᠂ 《ᠰᠢᠰᠲ᠋ᠧᠮ ᠲᠠᠢ ᠰᠤᠷᠤᠯᠴᠠᠬᠤ》ᠳᠤᠮᠳᠠ ᠭᠤᠣᠯ ᠴᠢᠮᠦᠭᠡ ᠪᠣᠯᠬᠤ ᠴᠢᠬᠤᠯᠠ ᠠᠭᠤᠯᠭ᠎ᠠ ᠶᠢ ᠡᠵᠡᠮᠰᠢᠵᠦ ᠂ 《ᠭᠦᠨᠵᠡᠭᠡᠢ ᠰᠤᠷᠤᠯᠴᠠᠬᠤ》ᠳᠤᠮᠳᠠ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠡᠷᠡᠭᠯᠡᠬᠦ ᠭᠡᠷᠡᠭᠲᠡᠶ ︔ ᠦᠨᠡᠨ ᠰᠡᠳᠬᠢᠯ ᠠᠴᠠ ᠪᠠᠨ ᠂ ᠠᠰᠠᠭᠤᠳᠠᠯ ᠳᠤ ᠬᠠᠨᠳᠤᠭᠤᠯᠤᠨ ᠂ ᠬᠠᠷᠢᠭᠤᠴᠠᠯᠭ᠎ᠠ ᠲᠠᠢ ᠪᠠᠷ ᠰᠤᠷᠤᠯᠴᠠᠯᠭ᠎ᠠ ᠬᠥᠮᠦᠵᠢᠯ ᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠂ ᠲᠡᠵᠢᠭᠡᠯ ᠡᠪᠡᠰᠦᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ 《 ᠲᠠᠪᠤᠨ ᠶᠡᠭᠡ ᠡᠭᠦᠷᠭᠡ》 ᠶᠢᠨ ᠭᠤᠣᠯᠳᠠᠯᠭ᠎ᠠ ᠲᠠᠢ ᠠᠵᠢᠯ ᠪᠣᠯᠣᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠲᠠᠢ ᠤᠶᠠᠯᠳᠤᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠪᠠᠶᠢᠴᠠᠭᠠᠨ ᠡᠷᠢᠵᠦ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠯ᠎ᠡ ᠰᠠᠯᠠᠭ᠎ᠠ ᠮᠥᠴᠢᠷ ᠂ ᠡᠯ᠎ᠡ ᠨᠢᠭᠡᠴᠢ ᠶᠢᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠰᠡᠳᠬᠢᠮᠵᠢ ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠪᠣᠯᠭᠠᠨ ᠬᠤᠪᠢᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯᠣᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠦᠨᠡᠨ ᠬᠦ ᠰᠢᠨ᠎ᠡ ᠳᠡᠭᠲᠡᠷ ᠲᠤ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ ᠃
4 ᠰᠠᠷ᠎ᠠ ᠶᠢᠨ 26 ᠤ ᠡᠳᠦᠷ ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠣᠮ ᠤᠩᠰᠢᠬᠤ ᠠᠩᠭᠢ ᠰᠤᠷᠤᠯᠴᠠᠯᠭ᠎ᠠ ᠪᠠᠨ ᠡᠬᠢᠯᠡᠭᠦᠯᠪᠡ ᠂ ᠨᠣᠮ ᠤᠩᠰᠢᠬᠤ ᠠᠩᠭᠢ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ ᠂ ᠰᠤᠷᠭᠠᠭᠤᠯᠢ ᠶᠢᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ ᠂ ᠲᠤᠰᠬᠠᠢ ᠮᠡᠷᠭᠡᠵᠢᠯᠲᠡᠨ ᠠᠴᠠ ᠬᠠᠪᠰᠤᠷᠤᠨ ᠵᠢᠯᠤᠭᠤᠳᠬᠤ ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠂ ᠲᠥᠪᠯᠡᠷᠡᠭᠦᠯᠦᠨ ᠰᠤᠷᠤᠯᠴᠠᠬᠤ ᠂ ᠬᠤᠪᠢ ᠬᠥᠮᠥᠨ ᠢᠶᠠᠷ ᠢᠶᠠᠨ ᠰᠤᠷᠤᠯᠴᠠᠬᠤ ᠂ ᠣᠷᠣᠢ ᠶᠢᠨ ᠴᠢᠯᠦᠭᠡᠨ ᠳᠤ ᠰᠤᠳᠤᠯᠤᠨ ᠰᠤᠷᠤᠯᠴᠠᠬᠤ ᠵᠡᠷᠭᠡ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠃ ᠰᠤᠷᠭᠠᠭᠤᠯᠢ ᠶᠢᠨ ᠬᠢᠨ ᠂ ᠨᠣᠮ ᠤᠩᠰᠢᠬᠤ ᠠᠩᠭᠢ ᠪᠠᠷ ᠠᠵᠠ ᠲᠣᠭᠢᠶᠠᠯ ᠪᠣᠯᠭᠠᠵᠤ ᠂ ᠭᠦᠨᠵᠡᠭᠡᠢ ᠰᠤᠷᠤᠯᠴᠠᠵᠤ ᠨᠠᠷᠢᠨ ᠬᠠᠷᠭᠤᠭᠤᠯᠵᠤ ᠯᠠᠪᠳᠠᠭᠤᠨ ᠪᠠᠲᠤᠲᠠᠢ ᠬᠡᠷᠡᠭᠵᠢᠭᠦᠯᠬᠦ ᠳᠤᠮᠳᠠ ᠤᠨᠤᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠤᠬᠠᠮᠰᠠᠷ ᠤᠨ ᠲᠦᠪᠰᠢᠨ ᠢᠶᠠᠨ ᠳᠡᠭᠡᠭᠰᠢᠯᠡᠭᠦᠯᠵᠦ ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ ᠂ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠪᠤᠳᠤᠯ ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠤᠨᠤᠯ ᠤᠨ ᠰᠤᠷᠤᠯᠴᠠᠯᠭ᠎ᠠ ᠪᠠᠷ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠵᠤ ᠂ ᠥᠷᠭᠡᠨ ᠤᠯᠠᠨ ᠪᠠᠭᠰᠢ ᠰᠤᠷᠤᠬᠴᠢ ᠤᠯᠠᠨ ᠲᠦᠮᠡᠨ ᠢ ᠬᠥᠲᠥᠯᠥᠨ ᠳᠠᠭᠠᠭᠤᠯᠵᠤ ᠬᠦᠰᠡᠯ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ ᠂ ᠪᠦᠯᠬᠦᠮᠳᠡᠨ ᠲᠡᠮᠡᠴᠡᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ ᠃