ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠤᠯᠤᠰ ᠤᠨ ᠲᠡᠷᠢᠭᠦᠯᠡᠭᠴᠢ ᠰᠢ ᠶᠢᠨ ᠫᠢᠩ ᠭᠠᠳᠠᠭᠠᠳᠤ ᠳᠤ ᠰᠠᠭᠤᠬᠤ ᠡᠯᠴᠢᠨ ᠰᠠᠶᠢᠳ ᠢ ᠲᠣᠮᠢᠯᠠᠵᠤ ᠪᠠᠭᠤᠯᠭᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 5 ᠳ᠋ᠤᠭᠠᠷ ᠰᠠᠷ᠎ᠠ ᠶᠢᠨ 9 ᠤ ᠴᠠᠬᠢᠯᠭᠠᠨ ᠮᠡᠳᠡᠭᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠢ ᠦᠨᠳᠦᠰᠦᠯᠡᠨ ᠳᠣᠣᠷᠠᠬᠢ ᠭᠠᠳᠠᠭᠠᠳᠤ ᠳᠤ ᠰᠠᠭᠤᠬᠤ ᠡᠯᠴᠢᠨ ᠰᠠᠶᠢᠳ ᠢ ᠲᠣᠮᠢᠯᠠᠵᠤ ᠪᠠᠭᠤᠯᠭᠠᠪᠠ ᠄
ᠨᠢᠭᠡ ᠂ ᠸᠠᠨ ᠯᠢ ᠶᠢ ᠪᠦᠭᠦᠳᠠ ᠨᠠᠶᠢᠷᠠᠮᠳᠠᠬᠤ ᠺᠤᠲᠳᠢᠸᠠ ᠤᠯᠤᠰ ᠲᠤ ᠰᠠᠭᠤᠭ᠎ᠠ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠠᠴᠠ ᠨᠢ ᠪᠠᠭᠤᠯᠭᠠᠪᠠ︔ ᠦ᠋ ᠵᠢᠶᠧ ᠶᠢ ᠪᠦᠭᠦᠳᠡ ᠨᠠᠶᠢᠷᠠᠮᠳᠠᠬᠤ ᠺᠤᠲᠳᠢᠸᠠ ᠤᠯᠤᠰ ᠲᠤ ᠰᠠᠭᠤᠬᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠳᠤ ᠲᠣᠮᠢᠯᠠᠪᠠ ᠃
ᠬᠤᠶᠠᠷ ᠂ ᠵᠠᠩ ᠷᠦᠨ ᠢ ᠪᠦᠭᠦᠳᠠ ᠨᠠᠶᠢᠷᠠᠮᠳᠠᠬᠤ ᠳ᠋ᠣᠮᠢᠨᠢᠺᠠ ᠤᠯᠤᠰ ᠲᠤ ᠰᠠᠭᠤᠭ᠎ᠠ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠠᠴᠠ ᠨᠢ ᠪᠠᠭᠤᠯᠭᠠᠪᠠ︔ ᠴᠧᠨ ᠯᠦ ᠨᠢᠩ ᠢ ᠪᠦᠭᠦᠳᠠ ᠨᠠᠶᠢᠷᠠᠮᠳᠠᠬᠤ ᠳ᠋ᠣᠮᠢᠨᠢᠺᠠ ᠤᠯᠤᠰ ᠲᠤ ᠰᠠᠭᠤᠬᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠳᠤ ᠲᠣᠮᠢᠯᠠᠪᠠ᠃
ᠭᠤᠷᠪᠠ ᠂ ᠯᠢ ᠪᠦᠦ ᠷᠦᠩ ᠢ ᠪᠦᠭᠦᠳᠠ ᠨᠠᠶᠢᠷᠠᠮᠳᠠᠬᠤ ᠸᠧᠨᠧᠽᠦ᠋ᠧᠯᠠ ᠶᠢᠨ ᠪᠤᠯᠢᠸᠠᠷ ᠤᠯᠤᠰ ᠲᠤ ᠰᠠᠭᠤᠭ᠎ᠠ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠠᠴᠠ ᠨᠢ ᠪᠠᠭᠤᠯᠭᠠᠪᠠ︔ ᠯᠠᠨ ᠬᠤ᠋ ᠶᠢ ᠪᠦᠭᠦᠳᠡ ᠨᠠᠶᠢᠷᠠᠮᠳᠠᠬᠤ ᠸᠧᠨᠧᠽᠦ᠋ᠧᠯᠠ ᠶᠢᠨ ᠪᠤᠯᠢᠸᠠᠷ ᠤᠯᠤᠰ ᠲᠤ ᠰᠠᠭᠤᠬᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠤᠨ ᠲᠤᠰᠢᠶᠠᠯ ᠳᠤ ᠲᠣᠮᠢᠯᠠᠪᠠ ᠃