ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 5 ᠳ᠋ᠤᠭᠠᠷ ᠰᠠᠷ᠎ᠠ ᠶᠢᠨ 9 ᠤ ᠴᠠᠬᠢᠯᠭᠠᠨ ᠮᠡᠳᠡᠭᠡ 5 ᠰᠠᠷ᠎ᠠ ᠶᠢᠨ 8 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ ᠃
ᠰᠢ ᠶᠢᠨ ᠫᠢᠩ ᠂ ᠣᠶᠢᠷ᠎ᠠ ᠶᠢᠨ ᠡᠳᠦᠷ ᠷᠦᠸᠠᠨᠳᠠ ᠶᠢᠨ ᠤᠯᠠᠨ ᠭᠠᠵᠠᠷ ᠰᠢᠷᠦᠭᠦᠨ ᠪᠣᠷᠣᠭᠠᠨ ᠤ ᠭᠠᠮᠰᠢᠭ ᠲᠤ ᠲᠠᠭᠠᠷᠢᠬᠳᠠᠵᠤ ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠭᠠᠷᠴᠠᠢ ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠂ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠠᠳᠡᠭᠰᠡᠳ ᠤᠨ ᠭᠡᠷ ᠪᠦᠯᠢ ᠂ ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠃ ᠷᠦᠸᠠᠨᠳᠠ ᠯᠠᠪᠲᠠᠢ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃