ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ︽ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠥᠪᠡᠷᠲᠡᠭᠡᠨ ᠵᠠᠰᠠᠬᠤ ᠣᠷᠣᠨ ᠤ ᠬᠤᠶᠠᠷ ᠲᠣᠮᠣ ᠶᠠᠪᠤᠳᠠᠯ ᠳᠤ ᠭᠠᠪᠢᠶ᠎ᠠ ᠪᠠᠶᠢᠭᠤᠯᠬᠤ︾ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ ᠵᠠᠩ ᠶᠠᠨ ᠺᠦᠨ ᠣᠷᠣᠯᠴᠠᠵᠠᠢ
2023 5 ᠳ᠋ᠤᠭᠠᠷ ᠰᠠᠷ᠎ᠠ ᠶᠢᠨ 7 ᠤ ᠡᠳᠦᠷ ᠂ ᠰᠦᠨ ᠱᠤᠤ ᠴᠧᠩ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ ᠂ 《ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠥᠪᠡᠷᠲᠡᠭᠡᠨ ᠵᠠᠰᠠᠬᠤ ᠣᠷᠣᠨ ᠤ ᠬᠤᠶᠠᠷ ᠲᠣᠮᠣ ᠶᠠᠪᠤᠳᠠᠯ ᠳᠤ ᠭᠠᠪᠢᠶ᠎ᠠ ᠪᠠᠶᠢᠭᠤᠯᠬᠤ — 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠭᠡ 》 ᠶᠢ ᠲᠣᠭᠤᠷᠢᠨ ᠦᠵᠡᠪᠡ ᠃
ᠲᠤᠰ ᠤᠳᠠᠭ᠎ᠠ ᠶᠢᠨ ᠦᠵᠡᠭᠦᠯᠭᠡ ᠳᠤ ᠨᠡᠶᠢᠲᠡ 300 ᠭᠠᠷᠤᠢ ᠪᠦᠲᠦᠭᠡᠯ ᠢ ᠳᠡᠯᠭᠡᠨ ᠦᠵᠡᠭᠦᠯᠵᠦ ᠂ ᠲᠥᠪ ᠂ ᠲᠠᠲᠠᠯᠠᠭᠠᠨ ᠂ ᠵᠠᠪᠰᠠᠷ ᠤᠨ ᠤᠷᠠᠨ ᠪᠢᠴᠢᠯᠭᠡ ᠵᠡᠷᠭᠡ ᠤᠷᠠᠨ ᠪᠢᠴᠢᠯᠭᠡ ᠶᠢᠨ ᠪᠦᠲᠦᠭᠡᠯ ᠤᠳ ᠢᠳᠡᠯᠢᠭ ᠭᠤᠸᠠᠯᠢᠭ ᠂ ᠤᠷᠤᠰᠤᠮ᠎ᠠ ᠰᠠᠶᠢᠬᠠᠨ ᠪᠠᠶᠢᠵᠤ ᠂ ᠬᠢᠲᠠᠳ ᠵᠢᠷᠤᠭ ᠂ ᠲᠣᠰᠣᠨ ᠪᠤᠳᠤᠭ ᠤᠨ ᠵᠢᠷᠤᠭ ᠂ ᠤᠰᠤᠨ ᠪᠤᠳᠤᠭ ᠤᠨ ᠵᠢᠷᠤᠭ ᠵᠡᠷᠭᠡ ᠤᠷᠠᠨ ᠵᠢᠷᠤᠭ ᠤᠨ ᠪᠦᠲᠦᠭᠡᠯ ᠤᠳ ᠨᠢ ᠪᠢᠷ ᠪᠡᠬᠡᠰ ᠢᠶᠠᠷ ᠢᠶᠠᠨ ᠢᠯᠭᠠᠷᠠᠵᠤ ᠂ ᠥᠩᠭᠡ ᠪᠤᠳᠤᠭ ᠢᠶᠠᠷ ᠢᠶᠠᠨ ᠬᠠᠷᠢᠯᠴᠠᠨ ᠲᠤᠪᠤᠶᠢᠯᠭᠠᠬᠰᠠᠨ ᠪᠠᠶᠢᠨ᠎ᠠ ᠃ 《ᠬᠤᠶᠠᠷ ᠲᠣᠮᠣ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨᠠᠮ 》《ᠵᠠᠰᠠᠭ ᠴᠢᠬᠡᠴᠢ ᠠᠷᠠᠳ ᠨᠠᠶᠢᠷᠠᠮᠳᠠᠭᠤ ᠂ ᠡᠶ᠎ᠡ ᠵᠣᠬᠢᠴᠠᠵᠤ ᠦᠢᠯᠡᠰ ᠢ ᠪᠦᠲᠦᠭᠡᠨᠡᠮ 》《ᠮᠣᠩᠭᠤᠯ ᠮᠣᠷᠢᠨ ᠤ ᠵᠣᠷᠢᠭ ᠰᠠᠨᠠᠭ᠎ᠠ 》 ᠁ ᠠᠯᠢ ᠤᠯᠠᠨ ᠪᠦᠲᠦᠭᠡᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠥᠪᠡᠷᠲᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠤᠭ᠎ᠠ ᠰᠠᠨᠠᠭ᠎ᠠ ᠡᠷᠡᠯᠬᠡᠭ ᠣᠮᠤᠭ ᠢ ᠲᠥᠪᠯᠡᠷᠡᠭᠦᠯᠦᠨ ᠢᠯᠡᠷᠡᠭᠦᠯᠵᠦ ᠂ ᠮᠠᠨ ᠤ ᠣᠷᠣᠨ ᠤ ᠡᠯ᠎ᠡ ᠠᠵᠢᠯ ᠲᠦᠷᠦᠯ ᠤᠨ ᠥᠭᠡᠷᠡᠴᠢᠯᠡᠯᠲᠡ ᠬᠥᠭᠵᠢᠯᠲᠡ ᠶᠢᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠠᠢ ᠃
ᠰᠦᠨ ᠱᠤᠤ ᠴᠧᠩ ᠪᠦᠲᠦᠭᠡᠯ ᠤᠨ ᠦᠵᠡᠭᠦᠯᠭᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠂ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠰᠣᠨᠢᠷᠬᠠᠵᠤ ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ ᠪᠠᠶᠢᠯ᠎ᠠ ᠃ ᠲᠡᠷᠡ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠡᠨᠡ ᠤᠳᠠᠭ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠶᠢ ᠮᠠᠰᠢ ᠰᠠᠶᠢᠨ ᠡᠷᠭᠢᠯᠡᠵᠤ ᠂ ᠶᠠᠭ ᠥᠷᠨᠢᠭᠦᠯᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢᠶᠠᠨ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ᠶᠢ ᠠᠬᠢᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ ᠃ ᠬᠤᠯᠪᠣᠭᠳᠠᠯ ᠪᠦᠬᠦᠢ ᠲᠠᠯ᠎ᠠ ᠶᠢᠨ ᠬᠢᠨ ᠭᠤᠣᠯ ᠰᠡᠳᠦᠪᠲᠦ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ ᠂ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃
ᠵᠠᠩ ᠶᠠᠨ ᠺᠦᠨ ᠂ ᠯᠢ ᠢᠦᠢ ᠭᠠᠩ ᠂ ᠢᠦᠢ ᠯᠢ ᠰᠢᠨ ᠣᠷᠣᠯᠴᠠᠵᠠᠢ ᠃