ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠵᠦ ᠪᠤᠢ
ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ 《ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ》 ᠠᠵᠢᠯᠯᠠᠭ᠎ᠠ ᠶᠢ ᠥᠷᠨᠢᠭᠦᠯᠦᠭᠰᠡᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠤᠰᠠᠳᠠ ᠂ 5 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ ﹀ ᠠᠵᠢᠯᠯᠠᠭ᠎ᠠ ᠶᠢ ᠪᠠᠶᠢᠩᠭᠤᠵᠢᠭᠤᠯᠬᠤ ᠠᠵᠢᠯ ᠤᠨ ᠳᠦᠷᠢᠮ》︵ᠳᠣᠷᠣᠭᠰᠢ 《ᠪᠠᠶᠢᠩᠭᠤᠵᠢᠭᠤᠯᠬᠤ ᠠᠵᠢᠯ ᠤᠨ ᠳᠦᠷᠢᠮ》 ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠠᠤᠯᠢᠴᠢ ᠶᠢᠨ ᠮᠠᠯᠴᠢᠨ ᠲᠠᠷᠢᠶᠠᠴᠢᠳ ᠲᠤ ᠦᠢᠯᠡᠴᠢᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠪᠠᠲᠤᠯᠠᠵᠤ ᠪᠠᠶᠢᠨ᠎ᠠ ᠃
《ᠪᠠᠶᠢᠩᠭᠤᠵᠢᠭᠤᠯᠬᠤ ᠠᠵᠢᠯ ᠤᠨ ᠳᠦᠷᠢᠮ》 ᠳᠤ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠠᠴᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠦᠢᠯᠡᠴᠢᠯᠡᠬᠦ ᠡᠲᠡᠭᠡᠳ ᠲᠠᠢ ᠪᠠᠨ ᠰᠠᠨᠠᠭᠠᠴᠢᠯᠠᠭ᠎ᠠ ᠠᠴᠠ ᠪᠠᠨ ᠠᠵᠢᠯ ᠤᠨ ᠬᠠᠷᠢᠯᠴᠠᠭ᠎ᠠ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠦᠢᠯᠡᠴᠢᠯᠡᠭᠡᠨ ᠤ ᠴᠣᠪᠤᠷᠠᠯ ᠢ ᠵᠢᠷᠤᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠎ᠠ ︔ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠢᠭᠡᠳ ᠭᠠᠴᠠᠭ᠎ᠠ︵ᠲᠣᠰᠬᠤᠨ︶ ᠶᠢᠨ ᠵᠥᠪᠯᠡᠯ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠡᠭᠦᠷ ᠬᠢᠭᠡᠳ ᠭᠠᠴᠠᠭ᠎ᠠ︵ᠲᠣᠰᠬᠤᠨ︶ ᠶᠢᠨ ᠨᠠᠮ ᠤᠨ ᠡᠭᠦᠷ ᠭᠡᠬᠦ 《ᠬᠤᠣᠰ ᠬᠤᠯᠪᠣᠭᠠᠰᠤ ᠪᠠᠶᠢᠭᠤᠯᠬᠤ》ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠬᠤᠯᠪᠣᠭᠠᠯᠠᠨ ᠪᠠᠶᠢᠭᠤᠯᠬᠤ ᠬᠠᠮᠲᠤ ᠪᠠᠷ ᠪᠠᠶᠢᠭᠤᠯᠬᠤ ᠬᠡᠯᠪᠡᠷᠢ ᠪᠠᠷ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠦᠨ᠎ᠡ ︔ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠰᠦᠯᠵᠢᠶ᠎ᠡ᠂ ᠤᠲᠠᠰᠤ ᠵᠡᠷᠭᠡ ᠣᠯᠠᠨ ᠲᠠᠯ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠬᠡᠷᠡᠭᠯᠡᠨ᠂ ᠮᠠᠯᠴᠢᠨ ᠲᠠᠷᠢᠶᠠᠴᠢᠳ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠳᠥᠭᠦᠮ ᠳᠥᠲᠡ ᠲᠦᠷᠭᠡᠨ ᠬᠠᠩᠭᠠᠬᠤ ᠶᠢ ᠵᠣᠷᠢᠭᠵᠢᠭᠤᠯᠤᠨ᠎ᠠ᠃ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠤᠯᠬᠤ ᠂ ᠪᠥᠬᠦ ᠶᠠᠪᠤᠴᠠ ᠶᠢ ᠵᠢᠷᠤᠮᠵᠢᠭᠤᠯᠬᠤ᠂ ᠪᠥᠬᠦ ᠴᠣᠪᠤᠷᠠᠯ ᠢ ᠬᠢᠨᠠᠨ ᠵᠢᠯᠤᠭᠤᠳᠬᠤ ᠦᠢᠯᠡᠴᠢᠯᠡᠭᠡᠨ ᠤ ᠬᠡᠯᠪᠡᠷᠢ ᠪᠠᠷ ᠳᠠᠮᠵᠢᠭᠤᠯᠤᠨ᠂ 《ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ》ᠠᠵᠢᠯᠯᠠᠭ᠎ᠠ ᠶᠢ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ 《ᠨᠠᠷᠠᠲᠤ ᠲᠡᠮᠳᠡᠭᠲᠦ》 ᠪᠣᠯᠭᠠᠨ᠎ᠠ ᠭᠡᠵᠦ ᠲᠣᠭᠲᠠᠭᠠᠵᠠᠢ ᠃
ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ 《ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ》ᠬᠠᠤᠯᠢ ᠴᠠᠭᠠᠵᠠ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢ ᠰᠢᠯᠵᠢᠭᠦᠯᠦᠨ ᠲᠣᠬᠢᠷᠠᠭᠤᠯᠵᠤ ᠭᠠᠵᠠᠷ ᠣᠷᠣᠨ ᠠᠯᠤᠰᠯᠠᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠪᠣᠯᠣᠨ᠎ᠠ ᠃ ᠡᠭᠦᠨ ᠤ ᠬᠠᠮᠲᠤ᠂ ᠡᠯ᠎ᠡ ᠬᠤᠰᠢᠭᠤ ᠰᠢᠶᠠᠨ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ ᠴᠠᠭᠠᠵᠠ ᠶᠢᠨ ᠭᠠᠵᠠᠷ ᠢ ᠵᠢᠯᠣᠭᠤᠳᠤᠨ ᠲᠣᠰ ᠭᠠᠵᠠᠷ ᠣᠷᠣᠨ ᠤ ᠠᠵᠢᠯᠯᠠᠭ᠎ᠠ ᠥᠷᠨᠢᠭᠦᠯᠬᠦ ᠴᠢᠬᠤᠯᠠᠲᠠᠢ ᠭᠠᠴᠠᠭ᠎ᠠ︵ᠲᠣᠰᠬᠤᠨ︶ ᠶᠢᠨ ᠨᠡᠷᠡᠰ ᠢ ᠬᠤᠷᠢᠶᠠᠩᠭᠤᠶᠢᠯᠠᠬᠤ ᠶᠢᠨ ᠬᠠᠮᠲᠤ᠂ ᠨᠡᠷᠡᠰ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠬᠤᠪᠢᠶᠠᠷᠢᠯᠠᠨ ᠲᠣᠮᠢᠯᠠᠵᠤ᠂ ᠬᠡᠷᠡᠭᠴᠡᠭᠡ ᠱᠠᠭᠠᠷᠳᠠᠯᠭ᠎ᠠ ᠲᠠᠢ ᠭᠠᠴᠠᠭ᠎ᠠ︵ᠲᠣᠰᠬᠤᠨ︶ ᠳᠤ ᠴᠥᠮ ᠬᠠᠤᠯᠢ ᠴᠠᠭᠠᠵᠠ ᠶᠢᠨ ᠦᠢᠯᠡᠴᠢᠯᠡᠭᠡ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 《ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ》ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ 《ᠡᠴᠦᠰ ᠤᠨ ᠨᠢᠭᠡ ᠺᠢᠯᠣᠮᠧᠲᠷ》 ᠢ ᠦᠨᠡᠨ ᠬᠦ ᠨᠠᠪᠲᠠᠷᠡᠭᠦᠯᠵᠦ᠂ ᠮᠠᠯᠴᠢᠨ ᠲᠠᠷᠢᠶᠠᠴᠢᠳ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃