ᠵᠤᠬᠢᠶᠠᠭᠴᠢ: ᠴᠠᠭ:2023-05-12 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠯᠠᠨ ᠲᠦᠮᠡᠨ ᠤ ᠰᠡᠳᠭᠢᠯ ᠲᠠᠯᠪᠢᠵᠦ ᠪᠠᠶᠢᠭ᠎ᠠ ᠠᠰᠠᠭᠤᠳᠠᠯ ᠳᠤ ᠲᠥᠪᠯᠡᠷᠡᠭᠦᠯᠵᠦ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ︾ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ ᠪᠤᠢ

 

《4  ᠰᠠᠷ᠎ᠠ ᠠᠴᠠ ᠨᠠᠭᠠᠰᠢ ᠂ ᠪᠢᠳᠡ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ ᠂ ᠤᠷᠢᠳ ᠬᠤᠵᠢᠳ ᠪᠤᠭᠤᠲᠤ ᠂ ᠦᠬᠠᠢ ᠂ ᠲᠦᠩᠯᠢᠶᠣᠣ ᠵᠡᠷᠭᠡ ᠭᠠᠵᠠᠷ ᠢᠶᠠᠷ ᠬᠦᠷᠴᠦ ᠂ ᠰᠤᠮᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠂ ᠡᠯ᠎ᠡ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠂ ᠬᠠᠤᠯᠢ ᠴᠠᠭᠠᠵᠠ ᠶᠢᠨ ᠭᠠᠵᠠᠷ ᠤᠨ ᠵᠠᠷᠤᠳᠠᠯ ᠤᠨ ᠪᠠᠲᠤᠯᠠᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠨ ᠰᠢᠢᠳᠪᠦᠷᠢᠯᠡᠬᠦ ᠠᠷᠭ᠎ᠠ ᠭᠠᠷᠭᠠᠪᠠ 》 ᠭᠡᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠭᠢᠯᠡᠭᠴᠢ ᠶᠠᠨ ᠰᠢᠶᠣᠣ ᠵᠢᠶᠦ᠋ᠨ ᠬᠡᠯᠡᠨ᠎ᠡ ᠃ ᠲᠡᠷᠡ ᠄ 《ᠡᠨᠡ ᠬᠡᠳᠦᠨ ᠡᠳᠦᠷ ᠂ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠢ ᠬᠠᠮᠲᠤᠷᠠᠵᠤ ᠂ ᠬᠠᠤᠯᠢ ᠴᠠᠭᠠᠵᠠ ᠶᠢᠨ ᠭᠠᠵᠠᠷ ᠂ ᠲᠣᠮᠢᠯᠠᠭᠰᠠᠨ ᠰᠠᠯᠪᠤᠷᠢ ᠂ ᠠᠷᠠᠳ ᠤᠨ ᠰᠢᠭᠦᠬᠦ ᠲᠢᠩᠬᠢᠮ ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠪᠣᠯᠣᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ ᠂ ᠵᠥᠷᠢᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ ᠂ ᠵᠥᠷᠢᠴᠡᠯ ᠪᠠᠭ᠎ᠠ ᠪᠠᠶᠢᠬᠤ ᠳᠤ ᠰᠢᠢᠳᠪᠦᠷᠢᠯᠡᠵᠦ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠵᠤ ᠪᠠᠶᠢᠨ᠎ᠠ 》 ᠭᠡᠵᠦ ᠲᠠᠨᠢᠯᠴᠠᠭᠤᠯᠤᠨ᠎ᠠ ᠃

ᠭᠤᠣᠯ ᠰᠡᠳᠦᠪᠲᠦ ᠬᠥᠮᠦᠵᠢᠯ ᠤᠨ ᠠᠵᠢᠯ ᠢ ᠡᠬᠢᠯᠡᠭᠦᠯᠦᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ ᠂ ᠬᠡᠷᠡᠭᠵᠢᠭᠦᠯᠬᠦ ᠲᠥᠰᠥᠯ ᠨᠡᠶᠢᠲᠡᠯᠡᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠵᠤ ᠂ ᠪᠠᠶᠢᠴᠠᠭᠠᠨ ᠰᠤᠳᠤᠯᠬᠤ ᠰᠡᠳᠦᠪ ᠤᠨ ᠨᠠᠷᠢᠨ ᠳᠠᠩᠰᠠ ᠲᠣᠭᠲᠠᠭᠠᠨ ᠬᠠᠮᠢᠶᠠᠷᠬᠤ ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠵᠡᠷᠭᠡ ᠶᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠪᠤᠢ ᠃

ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠵᠤ ᠂ ᠤᠶᠤᠨ ᠰᠠᠨᠠᠭᠠᠨ ᠤ ᠰᠢᠮ᠎ᠡ ᠶᠢ ᠭᠦᠢᠴᠡᠳ ᠨᠥᠬᠦᠪᠦᠷᠢᠯᠡᠵᠦ ᠂ ᠦᠵᠡᠯ ᠰᠠᠨᠠᠭᠠᠨ ᠤ ᠴᠢᠭᠯᠡᠯ ᠢ ᠯᠠᠪᠳᠠᠭᠤᠨ ᠡᠵᠡᠮᠳᠡᠪᠡ ᠃ ᠭᠤᠣᠯ ᠰᠡᠳᠦᠪᠲᠦ ᠬᠥᠮᠦᠵᠢᠯ ᠤᠨ ᠠᠵᠢᠯ ᠢ ᠡᠬᠢᠯᠡᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠭᠤᠣᠯ ᠰᠡᠳᠦᠪᠲᠦ ᠬᠥᠮᠦᠵᠢᠯ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ 4 ᠤᠳᠠᠭ᠎ᠠ ᠬᠤᠷᠠᠯᠳᠤᠭᠤᠯᠵᠤ ᠂ ᠪᠦᠭᠦ ᠰᠢᠰᠲ᠋ᠧᠮ ᠢᠶᠠᠷ ᠢᠶᠠᠨ ᠭᠤᠣᠯ ᠳᠤᠭᠤᠶᠢᠯᠠᠩ ᠢ ᠵᠣᠬᠢᠶᠠᠨ ᠪᠠᠶᠢᠭᠤᠯᠤᠨ 29 ᠤᠳᠠᠭ᠎ᠠ ᠰᠤᠷᠤᠯᠴᠠᠵᠤ ᠂ ᠨᠣᠮ ᠤᠩᠰᠢᠬᠤ ᠠᠩᠭᠢ ᠶᠢ 24 ᠬᠤᠭᠤᠴᠠᠭ᠎ᠠ ᠡᠷᠭᠢᠯᠡᠵᠦ ᠂ 346 ᠨᠠᠮ ᠤᠨ ᠡᠭᠦᠷ 691 ᠤᠳᠠᠭ᠎ᠠ ᠵᠣᠬᠢᠶᠠᠨ ᠪᠠᠶᠢᠭᠤᠯᠤᠨ ᠰᠤᠷᠤᠯᠴᠠᠵᠤ ᠂ 983 ᠬᠤᠪᠢ ᠣᠯᠣᠯᠲᠠ ᠲᠥᠷᠥᠭᠳᠡᠯ ᠲᠤᠰᠢᠶᠠᠪᠠ ︔ ᠭᠤᠤᠯ ᠰᠡᠳᠦᠪᠲᠦ ᠬᠥᠮᠦᠵᠢᠯ ᠤᠨ ᠡᠷᠭᠢᠯᠡᠭᠴᠢ ᠶᠢᠨ ᠠᠵᠢᠯ ᠤᠨ ᠬᠤᠷᠠᠯ ᠂ ᠲᠣᠬᠢᠷᠠᠭᠤᠯᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ ᠂ ᠡᠯ᠎ᠡ ᠨᠢᠭᠡᠴᠢ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠤ ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠪᠠ︔ ᠵᠢᠭᠠᠨ ᠰᠤᠷᠭᠠᠬᠤ ᠂ ᠰᠤᠷᠤᠯᠴᠠᠬᠤ ᠂ ᠪᠣᠯᠪᠠᠰᠤᠷᠠᠬᠤ ᠂ ᠰᠢᠯᠭᠠᠬᠤ ᠲᠠᠪᠤᠨ ᠲᠠᠯ᠎ᠠ ᠪᠠᠷ ᠬᠦᠴᠦᠯᠡᠵᠦ ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠤᠷᠤᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ ᠂ 10 ᠰᠤᠷᠤᠯᠴᠠᠬᠤ ᠲᠤᠰᠬᠠᠢ ᠰᠡᠳᠦᠪ ᠭᠠᠷᠭᠠᠵᠤ ᠂ ᠬᠠᠭᠠᠰ ᠰᠠᠷ᠎ᠠ ᠪᠦᠷᠢ ᠳᠤ ᠨᠢᠭᠡ ᠤᠳᠠᠭ᠎ᠠ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠶᠢ ᠪᠡᠶᠡᠯᠡᠭᠦᠯᠪᠡ ᠃ 《ᠰᠦᠯᠵᠢᠶᠡᠨ ᠳᠡᠭᠡᠷ᠎ᠡ + ᠠᠬᠤᠢ ᠲᠠᠯᠠᠪᠠᠢ 》 ᠶᠢ ᠨᠢᠭᠡ ᠴᠣᠭᠴᠠᠵᠢᠭᠤᠯᠤᠨ ᠠᠬᠢᠭᠤᠯᠬᠤ ᠂ 《ᠥᠪᠡᠰᠦᠪᠡᠨ ᠰᠤᠷᠤᠯᠴᠠᠬᠤ + ᠬᠠᠪᠰᠤᠷᠤᠨ ᠵᠢᠯᠤᠭᠤᠳᠬᠤ 》 ᠳᠤ ᠠᠳᠠᠯᠢ ᠴᠢᠭᠯᠡᠯ ᠢᠶᠠᠷ ᠬᠦᠴᠦᠯᠡᠵᠦ ᠂ 《ᠰᠤᠳᠤᠯᠤᠨ ᠶᠠᠷᠢᠯᠴᠠᠬᠤ + ᠦᠢᠯᠡᠳᠦᠯᠭᠡᠵᠢᠭᠦᠯᠦᠨ ᠰᠤᠷᠤᠯᠴᠠᠬᠤ 》 ᠶᠢ ᠪᠦᠲᠦᠮᠵᠢᠲᠡᠢ ᠨᠡᠪᠲᠡᠷᠡᠯᠴᠡᠭᠦᠯᠬᠦ ᠪᠠᠷ ᠳᠠᠮᠵᠢᠭᠤᠯᠤᠨ ᠂ ᠨᠠᠮ ᠤᠨ ᠭᠡᠰᠢᠭᠦᠨ ᠺᠠᠳ᠋ᠷᠴᠤᠳ ᠤᠨ ᠴᠢᠭᠯᠡᠯ ᠢ ᠲᠣᠳᠣᠷᠬᠠᠶᠢᠯᠠᠨ ᠂ ᠰᠡᠵᠢᠭ ᠢ ᠠᠯᠳᠠᠷᠠᠭᠠᠵᠤ ᠂ ᠲᠣᠭᠲᠠᠯ ᠬᠦᠴᠦᠨ ᠢ ᠴᠢᠩᠭᠠᠷᠠᠭᠤᠯᠵᠤ ᠂ ᠦᠢᠯᠡᠳᠦᠯᠭᠡᠵᠢᠭᠦᠯᠬᠦ ᠠᠬᠢᠴᠠ ᠶᠢ ᠲᠦᠷᠭᠡᠳᠬᠡᠪᠡ ᠃

ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ ᠂ ᠠᠵᠢᠯ ᠢᠶᠠᠷ ᠦᠢᠯᠡᠳᠦᠯᠭᠡᠵᠢᠭᠦᠯᠬᠦ ᠶᠢ ᠠᠬᠢᠭᠤᠯᠪᠠ ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ 《ᠪᠦᠭᠦ ᠣᠷᠣᠨ ᠤ ᠰᠢᠭᠤᠳ ᠬᠠᠷᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠳᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠲᠤᠬᠠᠢ ᠬᠡᠷᠡᠭᠵᠢᠭᠦᠯᠬᠦ ᠲᠥᠰᠥᠯ 》 ᠢ ᠳᠠᠷᠤᠮᠠᠯᠯᠠᠨ ᠲᠠᠷᠬᠠᠭᠠᠵᠤ ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠂ ᠬᠦᠴᠢᠷ ᠲᠦᠪᠡᠭ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠴᠠᠭᠠᠨ ᠰᠤᠳᠤᠯᠤᠯᠲᠠ  ᠶᠢᠨ ᠰᠡᠳᠦᠪ ᠢ 282 ᠲᠣᠭᠲᠠᠭᠠᠵᠤ ᠂ 10 ᠠᠵᠢᠯᠯᠠᠬᠤ ᠳᠤᠭᠤᠶᠢᠯᠠᠩ ᠪᠦᠷᠢᠯᠳᠦᠭᠦᠯᠵᠦ 69 ᠣᠷᠣᠨ ᠤ ᠰᠢᠭᠤᠳ ᠬᠠᠷᠢᠶ᠎ᠠ ᠨᠢᠭᠡᠴᠢ ᠳᠤ ᠭᠦᠨᠵᠡᠭᠡᠶᠢᠷᠡᠨ 220 ᠵᠤᠷᠪᠤᠰ ᠰᠠᠨᠠᠯ ᠬᠤᠷᠢᠶᠠᠪᠠ ︔ ᠬᠠᠤᠯᠢ ᠴᠠᠭᠠᠵᠠ ᠶᠢᠨ ᠭᠠᠵᠠᠷ ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠂ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠡᠷᠭᠡ ᠡᠮᠦᠨ᠎ᠡ ᠹᠷᠣᠨᠲ ᠤᠨ ᠨᠢᠭᠡᠴᠢ ᠳᠤ 101 ᠬᠥᠮᠥᠨ ᠤᠳᠠᠭ᠎ᠠ ᠭᠦᠨᠵᠡᠭᠡᠶᠢᠷᠡᠵᠦ᠂ 44 ᠠᠰᠠᠭᠤᠳᠠᠯ ᠢ ᠢᠯᠡᠷᠡᠭᠦᠯᠵᠦ᠂ 50 ᠵᠤᠷᠪᠤᠰ ᠰᠢᠢᠳᠪᠦᠷᠢᠯᠡᠬᠦ ᠠᠷᠭ᠎ᠠ ᠳᠤᠷᠠᠳᠪᠠ᠃

ᠭᠤᠣᠯ ᠰᠡᠳᠦᠪᠲᠦ ᠬᠥᠮᠦᠵᠢᠯ ᠤᠨ ᠠᠵᠢᠯ ᠤᠨ ᠳᠤᠮᠳᠠ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠢᠮᠠᠭᠲᠠ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠠᠨ ᠪᠣᠯᠭᠠᠵᠤ ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ ᠃

《ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠪᠠᠭᠤᠯᠭᠠᠬᠤ》ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠂ ᠣᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠪᠡ︔ 《ᠬᠠᠤᠯᠢ ᠴᠠᠭᠠᠵᠠ ᠶᠢᠨ ᠲᠤᠰᠠᠯᠠᠮᠵᠢ ᠬᠢᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ 》 ᠰᠢᠷᠢᠰ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠂ ᠲᠠᠷᠢᠶᠠᠴᠢᠨ ᠬᠦᠴᠦ ᠶᠠᠪᠤᠭᠰᠠᠳ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ ᠁ ᠠᠷᠠᠳ ᠲᠦᠮᠡᠨ ᠳᠤ ᠦᠢᠯᠡᠴᠢᠯᠡᠬᠦ ᠳᠤ ᠬᠠᠮᠤᠭ ᠤᠨ ᠰᠠᠶᠢᠨ ᠭᠡᠵᠦ ᠪᠠᠶᠢᠳᠠᠭ ᠦᠭᠡᠢ ᠂ ᠵᠥᠪᠬᠡᠨ ᠨᠠᠩ ᠰᠠᠶᠢᠨ ᠢ ᠬᠥᠭᠡᠭᠡᠴᠡᠯᠳᠦᠨ᠎ᠡ ᠃ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠠᠰᠠ ᠦᠢᠯᠡᠴᠢᠯᠡᠬᠦ ᠮᠠᠶ᠋ᠢᠭ ᠤᠨ ᠪᠠᠶᠢᠭᠤᠯᠭ᠎ᠠ ᠶᠢ ᠪᠠᠶᠢᠭᠤᠯᠬᠤ ᠲᠤᠬᠠᠢ ᠰᠠᠨᠠᠯ ᠢ ᠳᠠᠷᠤᠮᠠᠯᠯᠠᠨ ᠲᠠᠷᠬᠠᠭᠠᠵᠤ ᠂ 《ᠶᠢᠰᠦᠨ ᠶᠡᠭᠡ ᠦᠢᠯᠡᠴᠢᠯᠡᠭᠡᠨ ᠤ ᠲᠣᠭᠲᠠᠴᠠ 》 ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠨ ᠂ ᠭᠤᠣᠯ ᠡᠭᠦᠷᠭᠡ ᠲᠠᠢ ᠤᠶᠠᠯᠳᠤᠭᠤᠯᠤᠨ ᠂ ᠣᠯᠠᠨ ᠲᠦᠮᠡᠨ ᠤ ᠰᠡᠳᠭᠢᠯ ᠲᠠᠯᠪᠢᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠬᠤᠪᠢᠷᠠᠭᠤᠯᠬᠤ ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠪᠠᠷ ᠠᠵᠢᠯ ᠢᠶᠠᠨ ᠠᠬᠢᠭᠤᠯᠬᠤ ᠭᠠᠷᠳᠠᠴᠠ ᠂ ᠠᠰᠠᠭᠤᠳᠠᠯ ᠢ ᠰᠢᠢᠳᠪᠦᠷᠢᠯᠡᠬᠦ ᠬᠦᠴᠦᠯᠡᠬᠦ ᠴᠡᠭ ᠪᠣᠯᠭᠠᠵᠤ ᠂ ᠦᠨᠳᠦᠰᠦᠨ ᠱᠠᠲᠤᠨ  ᠳᠤ ᠦᠢᠯᠡᠴᠢᠯᠡᠬᠦ ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠦᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ ᠂ 《ᠲᠠᠪᠤᠨ ᠶᠡᠭᠡ ᠡᠭᠦᠷᠭᠡ 》  ᠶᠢ ᠰᠠᠶᠢᠲᠤᠷ ᠪᠡᠶᠡᠯᠡᠭᠦᠯᠬᠦ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ ᠃

《ᠳᠠᠷᠠᠭᠠᠴᠢ ᠪᠠᠷ ᠂ ᠪᠢᠳᠡ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠬᠥᠲᠥᠯᠥᠨ ᠵᠢᠯᠤᠭᠤᠳᠴᠤ ᠂ ᠵᠤᠷᠪᠤᠰ ᠳᠠᠷᠠᠭᠠᠯᠠᠨ ᠪᠠᠷᠢᠮᠵᠢᠶᠠᠯᠠᠨ ᠬᠠᠷᠭᠤᠭᠤᠯᠵᠤ ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠦᠢᠯᠡᠴᠢᠯᠡᠭᠡᠨ ᠤ ᠬᠡᠯᠪᠡᠷᠢ ᠶᠢᠨ ᠪᠠᠶᠢᠭᠤᠯᠭ᠎ᠠ ᠶᠢ ᠪᠠᠢᠭᠤᠯᠬᠤ  ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠪᠣᠳᠠᠲᠠᠢ ᠠᠵᠢᠯᠯᠠᠨ ᠦᠨᠡᠨᠬᠦ ᠦᠷ᠎ᠡ ᠪᠦᠲᠦᠮᠵᠢ ᠭᠠᠷᠭᠠᠵᠤ ᠂ ᠬᠢᠷᠢ ᠲᠡᠩᠴᠡᠭᠰᠡᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ》ᠭᠡᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠸᠠᠩ ᠫᠢᠩ ᠬᠡᠯᠡᠯ᠎ᠡ ᠃

 

 


   :                    
   :           
备案序号:蒙ICP备05003250号 公安备案15010502000173