ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠤᠨ ᠬᠤᠭᠤᠴᠠᠭᠠᠨ ᠳᠤ 2399 ᠢᠵᠢ ᠲᠠᠸᠠᠷ ᠤᠨ ᠭᠡᠷ ᠪᠠᠶᠢᠰᠢᠩ ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠤᠰ ᠤᠨ ᠲᠤᠭ᠎ᠠ ᠨᠢ 22.6 ᠳ᠋ᠦᠩᠰᠢᠭᠤᠷ ᠲᠥᠭᠦᠷᠢᠭ ᠲᠤ ᠬᠦᠷᠪᠡ
ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠤᠨ ᠬᠤᠭᠤᠴᠠᠭᠠᠨ ᠳᠤ᠂ ᠪᠥᠬᠦ ᠣᠷᠣᠨ ᠤ 2399 ᠢᠵᠢ ᠲᠠᠸᠠᠷ ᠤᠨ ᠭᠡᠷ ᠪᠠᠶᠢᠰᠢᠩ ᠠᠷᠠᠯᠵᠢᠶ᠎ᠠ ᠲᠣᠬᠢᠷᠠᠵᠤ᠂ ᠠᠷᠠᠯᠵᠢᠶᠠᠯᠠᠭᠰᠠᠨ ᠲᠠᠯᠠᠪᠠᠶ ᠨᠢ 37 ᠲᠦᠮᠡᠨ ᠲᠡᠭᠰᠢ ᠳᠦᠷᠪᠡᠯᠵᠢᠨ ᠮᠧᠲᠷ᠂ ᠨᠡᠶᠢᠲᠡ ᠵᠣᠭᠤᠰ ᠤᠨ ᠲᠤᠭ᠎ᠠ ᠨᠢ 22.6 ᠳ᠋ᠦᠩᠰᠢᠭᠤᠷ ᠲᠥᠭᠦᠷᠢᠭ ᠲᠤ ᠬᠦᠷᠴᠦ᠂ 15000 ᠢᠵᠢ ᠲᠠᠸᠠᠷ ᠤᠨ ᠭᠡᠷ ᠪᠠᠶᠢᠰᠢᠩ ᠢ ᠳᠠᠩᠰᠠᠯᠠᠭᠤᠯᠤᠭᠰᠠᠨ ᠪᠥᠭᠡᠳ ᠶᠠᠭᠠᠷᠠᠮᠠᠭ ᠲᠤ ᠣᠷᠣᠯᠴᠠᠭᠰᠠᠨ ᠪᠥᠬᠦ ᠣᠷᠣᠨ ᠤ ᠬᠥᠮᠥᠨ ᠤ ᠲᠤᠭ᠎ᠠ 85 ᠲᠦᠮᠡᠨ ᠬᠥᠮᠥᠨ ᠤᠳᠠᠭ᠎ᠠ ᠶᠢ ᠳᠠᠪᠠᠵᠠᠢ᠃
ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠴᠢᠨᠠᠭᠰᠢᠳᠠ ᠤᠯᠠᠮ ᠬᠥᠪᠴᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠥᠭᠵᠢᠬᠦ ᠶᠢ ᠠᠬᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠡᠷ ᠬᠦᠭᠵᠢᠬᠦ ᠶᠢ ᠠᠬᠢᠭᠤᠯᠵᠤ᠂ ᠠᠰᠠᠷ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠢ ᠥᠪᠥᠷ ᠮᠣᠩᠭᠤᠯ ᠤᠨ 12 ᠠᠶᠢᠮᠠᠭ ᠬᠤᠲᠠ ᠳᠤ ᠵᠡᠷᠭᠡ ᠪᠠᠷ ᠡᠬᠢᠯᠡᠭᠦᠯᠵᠦ᠂ 5 ᠡᠳᠦᠷ ᠲᠥᠪᠯᠡᠷᠡᠭᠦᠯᠦᠨ ᠶᠠᠪᠤᠭᠳᠠᠭᠤᠯᠤᠨ᠎ᠠ᠃ ᠡᠭᠦᠨ ᠳᠤ᠂ ᠤᠯᠠᠭᠠᠨᠴᠠᠪ ᠬᠤᠲᠠ 5 ᠳ᠋ᠤᠭᠠᠷ ᠰᠠᠷ᠎ᠠ ᠶᠢᠨ 7 ᠤ ᠡᠳᠦᠷ ᠬᠦᠷᠲᠡᠯ᠎ᠡ ᠤᠷᠲᠤᠳᠬᠠᠨ ᠶᠠᠪᠤᠭᠳᠠᠭᠤᠯᠵᠤ᠂ ᠪᠤᠭᠤᠲᠤ ᠬᠤᠲᠠ 5 ᠳ᠋ᠤᠭᠠᠷ ᠰᠠᠷ᠎ᠠ ᠶᠢᠨ 28 ᠤ ᠡᠳᠦᠷ ᠬᠦᠷᠲᠡᠯ᠎ᠡ᠂ ᠬᠥᠯᠥᠨ ᠪᠤᠶᠢᠷ ᠬᠤᠲᠠ 5 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ ᠤᠷᠲᠤᠳᠬᠠᠨ ᠶᠠᠪᠤᠭᠳᠠᠭᠤᠯᠤᠨ᠎ᠠ᠃
ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠶᠠᠭᠠᠷᠠᠮᠠᠭ ᠨᠢ ᠭᠡᠷ ᠪᠠᠶᠢᠰᠢᠩ ᠭᠠᠵᠠᠷ ᠬᠥᠷᠥᠩᠭᠡ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠳᠡᠯᠭᠡᠨ ᠪᠣᠷᠣᠯᠠᠭᠤᠯᠭ᠎ᠠ ᠬᠢᠵᠦ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷ ᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷ ᠲᠠᠢ ᠬᠡᠷᠡᠭᠴᠡᠭᠡ ᠶᠢ ᠳᠡᠮᠵᠢᠬᠦ ᠪᠠᠷ ᠡᠭᠦᠰᠦᠯᠲᠡ ᠪᠣᠯᠭᠠᠨ᠂ ᠠᠷᠠᠳ ᠣᠯᠠᠨ ᠢ ᠨᠠᠩ ᠰᠠᠶᠢᠨ ᠭᠡᠷ ᠪᠠᠶᠢᠰᠢᠩ ᠳᠤ ᠰᠠᠭᠤᠯᠭᠠᠬᠤ ᠪᠠᠷ ᠬᠠᠷᠠᠯᠲᠠ ᠪᠣᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠡᠯᠡ ᠣᠷᠤᠭᠤᠯᠤᠯᠲᠠ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠳᠠᠮ ᠤᠨ ᠭᠡᠷ ᠪᠠᠶᠢᠰᠢᠩ ᠤᠨ ᠠᠷᠠᠯᠵᠢᠶ᠎ᠠ᠂ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠭᠡᠷ ᠳᠣᠲᠣᠷᠠᠬᠢ ᠵᠠᠰᠠᠯ ᠴᠢᠮᠡᠭᠯᠡᠯ᠂ ᠠᠳᠠᠯ ᠠᠬᠤᠢ ᠶᠢᠨ ᠬᠠᠮᠢᠶᠠᠷᠤᠯᠲᠠ᠂ ᠪᠣᠬᠢᠷᠲᠤᠯ ᠦᠭᠡᠢ ᠪᠠᠷᠢᠯᠭ᠎ᠠ ᠬᠢᠭᠡᠳ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠮᠵᠢ ᠣᠯᠭᠤᠭᠰᠠᠨ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠭᠰᠠᠨ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠪᠡ᠃
ᠶᠠᠭᠠᠷᠠᠮᠠᠭ ᠤᠨ ᠬᠤᠭᠤᠴᠠᠭᠠᠨ ᠳᠤ᠂ ᠡᠯ᠎ᠡ ᠠᠶᠢᠮᠠᠭ ᠬᠤᠳᠠ ᠬᠡᠷᠡᠭᠯᠡᠭᠡ ᠶᠢ ᠪᠦᠬᠦ ᠬᠦᠴᠦᠨ ᠢᠶᠠᠷ ᠢᠶᠠᠨ ᠳᠠᠶᠢᠴᠢᠯᠠᠭᠰᠠᠨ ᠪᠠᠶᠢᠨ᠎ᠠ᠃ ᠪᠤᠭᠤᠲᠤ ᠬᠤᠲᠠ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ᠂ 100% ᠶᠢᠨ ᠭᠡᠷᠡᠲᠦ ᠭᠠᠶᠢᠯᠢ ᠶᠢᠨ ᠨᠥᠬᠦᠪᠦᠷᠢ ᠥᠭᠬᠦ ᠵᠡᠷᠭᠡ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ ᠰᠦᠯᠵᠢᠶᠡᠨ ᠠᠴᠠ ᠭᠠᠳᠠᠭᠤᠷᠬᠢ + ᠰᠦᠯᠵᠢᠶᠡᠨ ᠳᠡᠭᠡᠷᠡᠬᠢ ᠬᠤᠶᠠᠷ ᠵᠦᠢᠯ ᠤᠨ ᠠᠷᠭ᠎ᠠ ᠶᠢ ᠬᠡᠷᠡᠭᠵᠢᠭᠦᠯᠦᠭᠰᠡᠨ ᠠᠴᠠ ᠬᠤᠲᠠ ᠶᠢᠨ ᠠᠷᠠᠳ ᠰᠦᠯᠵᠢᠶᠡᠨ ᠳᠡᠭᠡᠷ᠎ᠡ ᠠᠴᠠ ᠭᠡᠷ ᠪᠠᠶᠢᠰᠢᠩ ᠦᠵᠡᠬᠦ ᠪᠠ ᠰᠣᠩᠭᠤᠵᠤ ᠪᠣᠯᠣᠨ᠎ᠠ︔ ᠬᠥᠬᠡᠬᠤᠲᠠ 《ᠨᠢᠭᠡ ᠯᠡ ᠥᠷᠲᠡᠭᠡᠴᠢᠯᠡᠭᠰᠡᠨ ᠮᠠᠶ᠋ᠢᠭ》 ᠢᠶᠠᠷ ᠭᠡᠷ ᠪᠠᠶᠢᠰᠢᠩ ᠬᠤᠳᠠᠯᠳᠤᠨ ᠠᠪᠬᠤ ᠦᠢᠯᠡᠴᠢᠯᠡᠭᠡ ᠬᠠᠩᠭᠠᠵᠤ᠂ ᠭᠤᠣᠯ ᠬᠤᠷᠠᠯ ᠤᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠲᠣᠬᠢᠷᠠᠭᠤᠯᠵᠤ᠂ ᠭᠡᠷ ᠪᠠᠶᠢᠰᠢᠩ ᠤᠨ ᠨᠠᠷᠠᠲᠤ ᠠᠵᠤ ᠠᠬᠤᠶᠢᠯᠠᠯ ᠤᠳ ᠢ ᠴᠤᠭᠯᠠᠭᠤᠯᠤᠭᠰᠠᠨ ᠮᠥᠷᠲᠡᠭᠡᠨ ᠭᠡᠷ ᠪᠠᠶᠢᠰᠢᠩ ᠤᠨ ᠡᠯ᠎ᠡ ᠲᠣᠮᠣ ᠠᠵᠤ ᠠᠬᠤᠶᠢᠯᠠᠯ ᠴᠥᠮ ᠠᠳᠠᠯᠢ ᠪᠤᠰᠤ ᠬᠡᠮᠵᠢᠶᠡᠨ ᠤ ᠬᠠᠷᠠᠭᠠᠯᠵᠠᠯ ᠦᠵᠡᠭᠦᠯᠵᠦ᠂ ᠬᠤᠲᠠ ᠶᠢᠨ ᠠᠷᠠᠳ ᠤᠨ ᠭᠡᠷ ᠪᠠᠶᠢᠰᠢᠩ ᠦᠵᠡᠬᠦ᠂ ᠰᠣᠩᠭᠤᠬᠤ ᠪᠠ ᠬᠤᠳᠠᠯᠳᠤᠨ ᠠᠪᠬᠤ ᠳᠤ ᠨᠢ ᠲᠥᠬᠦᠮ ᠦᠵᠡᠭᠦᠯᠦᠭᠰᠡᠨ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃
ᠲᠣᠰ ᠤᠳᠠᠭᠠᠨ ᠤ ᠶᠠᠭᠠᠷᠠᠮᠠᠭ ᠨᠢ ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠬᠥᠪᠴᠢᠯᠡᠨ᠂ ᠪᠥᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠦᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠭᠠᠷᠭᠠᠵᠠᠢ᠃