ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠣᠶᠢᠷ᠎ᠠ ᠶᠢᠨ 3 ᠵᠢᠯ ᠤᠨ ᠮᠡᠷᠭᠡᠵᠢᠯ ᠤᠨ ᠦᠷ᠎ᠡ ᠪᠦᠲᠦᠭᠡᠯ ᠤᠨ ᠲᠤᠭ᠎ᠠ ᠬᠡᠮᠵᠢᠶ᠎ᠡ ᠪᠠ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ ᠭᠠᠳᠠᠨ᠎ᠠ ᠠᠴᠠ ᠣᠷᠣᠭᠤᠯᠵᠤ ᠢᠷᠡᠭᠰᠡᠨ ᠮᠡᠷᠭᠡᠵᠢᠯ ᠤᠨ ᠠᠷᠠᠯᠵᠢᠶᠠᠨ ᠤ ᠲᠡᠷᠢᠭᠦᠨ ᠳᠤ ᠣᠷᠣᠪᠠ ᠪᠡᠭᠡᠵᠢᠩ ᠥᠪᠥᠷ ᠮᠣᠩᠭᠤᠯ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ 294 ᠲᠥᠷᠥᠯ ᠵᠦᠢᠯ ᠳᠤ ᠬᠠᠮᠲᠤᠷᠠᠯᠴᠠᠵᠤ 298 ᠵᠦᠢᠯ ᠤᠨ ᠮᠡᠷᠭᠡᠵᠢᠯ ᠢ ᠣᠷᠣᠭᠤᠯᠤᠨ ᠠᠪᠴᠢᠷᠠᠪᠠ
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ 3 ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ 294 ᠲᠥᠷᠥᠯ ᠵᠦᠢᠯ ᠳᠤ ᠬᠠᠮᠲᠤᠷᠠᠯᠴᠠᠵᠤ ᠂ 298 ᠵᠦᠢᠯ ᠤᠨ ᠮᠡᠷᠭᠡᠵᠢᠯ ᠢ ᠣᠷᠣᠭᠤᠯᠤᠨ ᠠᠪᠴᠢᠷᠠᠵᠤ᠂ 73 ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠤᠨ᠂ 500 ᠭᠠᠷᠤᠢ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠢ ᠬᠠᠮᠲᠤ ᠪᠠᠷ ᠬᠥᠷᠲᠡᠵᠦ ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠪᠠᠷ ᠳᠡᠮᠵᠢᠨ ᠣᠷᠣᠭᠤᠯᠤᠭᠰᠠᠨ ᠮᠡᠷᠭᠡᠵᠢᠯ ᠤᠨ ᠦᠷ᠎ᠡ ᠪᠦᠲᠦᠭᠡᠯ ᠤᠨ ᠲᠤᠭ᠎ᠠ ᠬᠡᠮᠵᠢᠶ᠎ᠡ᠂ ᠠᠷᠠᠯᠵᠢᠶᠠᠨ ᠤ ᠵᠣᠭᠤᠰ ᠤᠨ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ ᠣᠷᠣᠭᠤᠯᠵᠤ ᠢᠷᠡᠭᠰᠡᠨ ᠮᠡᠷᠭᠡᠵᠢᠯ ᠤᠨ ᠠᠷᠠᠯᠵᠢᠶᠠᠨ ᠤ ᠲᠡᠷᠢᠭᠦᠨ ᠳᠤ ᠣᠷᠣᠪᠠ᠃
ᠰᠢᠨ᠎ᠡ ᠨᠢᠭᠡᠨ ᠡᠭᠡᠯᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠨᠢ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ ᠃ ᠡᠨᠡ ᠵᠢᠯ ᠤᠨ 2 ᠳ᠋ᠤᠭᠠᠷ ᠰᠠᠷ᠎ᠠ ᠳᠤ᠂ ᠥᠪᠥᠷ ᠮᠣᠩᠭᠤᠯ ᠬᠢᠭᠡᠳ ᠪᠡᠭᠡᠵᠢᠩ 《ᠪᠡᠭᠡᠵᠢᠩ ᠥᠪᠥᠷ ᠮᠣᠩᠭᠤᠯ ᠬᠠᠮᠵᠢᠯᠴᠠᠵᠤ ᠤᠯᠤᠰ ᠲᠥᠷᠥ ᠶᠢᠨ ᠵᠥᠪᠯᠡᠯᠭᠡᠨ ᠬᠦᠴᠦᠨ ᠨᠡᠮᠡᠷᠢᠯᠡᠬᠦ》ᠪᠦᠳᠦᠭᠦᠪᠴᠢ ᠵᠥᠪᠯᠡᠯᠴᠡᠭᠡᠷ ᠲᠣᠭᠲᠠᠵᠤ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 《ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ》 ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠮᠲᠤ ᠪᠠᠷ ᠠᠬᠢᠭᠤᠯᠪᠠ᠃ ᠡᠨᠡ ᠵᠢᠯ᠂ ᠪᠠᠶᠠᠨᠨᠠᠭᠤᠷ ᠤᠨ ᠤᠯᠤᠰ ᠤᠨ ᠳᠡᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠲᠤᠷᠠᠨ ᠪᠠᠶᠢᠭᠤᠯᠤᠭᠰᠠᠨ ᠠᠯᠠᠰᠢᠨ ᠬᠤᠨᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠪᠠᠶᠢᠭᠤᠯᠤᠭᠳᠠᠪᠠ᠃ ᠬᠢᠩᠭᠠᠨ ᠠᠶᠢᠮᠠᠭ ᠤᠨ ᠠᠵᠤ ᠠᠬᠤᠶᠢᠯᠠᠯ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠬᠦ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 10 ᠲᠥᠷᠥᠯ ᠵᠦᠢᠯ ᠢ ᠰᠦᠯᠵᠢᠶᠡᠨ ᠳᠡᠭᠡᠷ᠎ᠡ ᠲᠣᠭᠲᠠᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠲᠥᠪ ᠬᠢᠭᠡᠳ ᠪᠡᠭᠡᠵᠢᠩ ᠤᠨ ᠠᠵᠦ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠬᠠᠮᠲᠤᠷᠠᠭᠰᠠᠨ ᠲᠤᠷᠰᠢᠯᠲᠠ ᠶᠢᠨ ᠲᠠᠰᠤᠭ ᠪᠠᠶᠢᠭᠤᠯᠬᠤ ᠲᠤᠬᠠᠢ ᠬᠠᠮᠲᠤ ᠶᠢᠨ ᠲᠠᠨᠢᠯᠲᠠ ᠶᠢ ᠪᠤᠢ ᠪᠣᠯᠭᠠᠵᠤ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠪᠡᠭᠡᠵᠢᠩ ᠬᠤᠲᠠ ᠶᠢᠨ ᠲᠠᠷᠢᠶᠠᠯᠠᠩ ᠣᠶ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠠᠮᠢᠳᠤ ᠪᠣᠳᠠᠰ ᠤᠨ ᠮᠠᠰ ᠤᠨ ᠡᠰᠢ ᠰᠦᠷᠡᠯ ᠢ ᠠᠰᠢᠭᠯᠠᠬᠤ ᠴᠢᠭᠯᠡᠯ ᠢᠶᠠᠷ ᠰᠤᠳᠤᠯᠤᠨ ᠨᠡᠭᠡᠭᠡᠬᠦ ᠲᠠᠪᠴᠠᠩ ᠢ ᠬᠠᠮᠲᠤ ᠪᠠᠷ ᠪᠠᠶᠢᠭᠤᠯᠬᠤ ᠪᠠᠷ ᠲᠦᠯᠦᠪᠯᠡᠵᠦ ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠳᠤ ᠲᠣᠭᠠᠵᠢᠭᠤᠯᠤᠨ ᠪᠤᠳᠤᠬᠤ ᠴᠢᠳᠠᠮᠵᠢ ᠶᠢᠨ ᠲᠥᠪ ᠪᠠᠶᠢᠭᠤᠯᠬᠤ ᠶᠢ ᠬᠠᠮᠲᠤ ᠪᠠᠷ ᠠᠬᠢᠭᠤᠯᠬᠤ ᠪᠠᠷ ᠪᠤᠢ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ ᠂ ᠨᠡᠩ ᠤᠯᠠᠨ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠥᠪᠥᠷ ᠮᠣᠩᠭᠤᠯ ᠲᠡᠶᠢᠰᠢ ᠣᠷᠭᠢᠯᠤᠨ ᠬᠤᠷᠠᠵᠤ ᠪᠠᠶᠢᠨ᠎ᠠ ᠃
《ᠲᠠᠪᠤᠨ ᠶᠡᠭᠡ ᠡᠭᠦᠷᠭᠡ》 ᠲᠠᠢ ᠬᠠᠷᠢᠴᠠᠭᠤᠯᠤᠨ ᠂ ᠥᠪᠡᠷᠲᠡᠭᠡᠨ ᠵᠠᠰᠠᠬᠤ ᠣᠷᠣᠨ ᠤ 8 ᠲᠣᠮᠣ ᠠᠵᠤ ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ 《ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ 《ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ》 ᠶᠢ ᠭᠦᠨᠵᠡᠭᠡᠢ ᠬᠡᠷᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ᠂ ᠬᠤᠯᠪᠤᠭᠠᠯᠠᠨ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠣᠶᠤᠨ ᠬᠦᠴᠦᠨ ᠢ ᠬᠦᠮᠦᠵᠢᠭᠦᠯᠬᠦ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠡᠷᠭᠡ ᠲᠠᠯ᠎ᠠ ᠪᠠᠷ ᠪᠦᠲᠦᠮᠵᠢᠲᠡᠢ ᠪᠠᠶᠢᠷᠢᠰᠢᠭᠤᠯᠤᠨ ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠳᠡᠮᠵᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃