ᠵᠤᠬᠢᠶᠠᠭᠴᠢ:
ᠴᠠᠭ:2023-05-12
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠠᠮᠤ ᠪᠤᠳᠠᠭ᠎ᠠ ᠳᠠᠷᠢᠬᠤ ᠨᠥᠬᠦᠪᠦᠷᠢ ᠶᠢᠨ ᠪᠡᠯᠡ ᠮᠥᠩᠭᠦ ᠶᠢ 5.7 ᠳ᠋ᠦᠩᠰᠢᠭᠤᠷ ᠲᠥᠭᠦᠷᠢᠭ ᠪᠠᠭᠤᠯᠭᠠᠪᠠ
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠶᠢᠷ᠎ᠠ ᠳᠤ ᠂ ᠲᠥᠪ ᠤᠨ ᠡᠳ᠋ ᠤᠨ ᠵᠠᠰᠠᠭ ᠠᠴᠠ 2023 ᠣᠨ ᠤ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠠᠮᠤ ᠪᠤᠳᠠᠭ᠎ᠠ ᠳᠠᠷᠢᠬᠤ ᠨᠥᠬᠦᠪᠦᠷᠢ ᠶᠢᠨ ᠪᠡᠯᠡ ᠮᠥᠩᠭᠦ ᠶᠢ 100 ᠳ᠋ᠦᠩᠰᠢᠭᠤᠷ ᠲᠥᠭᠦᠷᠢᠭ ᠪᠠᠭᠤᠯᠭᠠᠪᠠ ᠃ ᠡᠭᠦᠨ ᠳᠤ᠂ ᠮᠠᠨ ᠤ ᠣᠷᠣᠨ ᠳᠤ 5.7 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠬᠤᠪᠢᠶᠠᠷᠢᠯᠠᠵᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠨᠲᠡ ᠡᠨᠡ ᠬᠦ ᠨᠥᠬᠦᠪᠦᠷᠢ ᠶᠢᠨ ᠪᠡᠯᠡ ᠮᠥᠩᠭᠦ ᠶᠢ ᠡᠯ᠎ᠡ ᠠᠶᠢᠮᠠᠭ ᠬᠤᠳᠠ ᠳᠤ ᠪᠠᠭᠤᠯᠭᠠᠵᠤ ᠂ ᠪᠦᠬᠦ ᠣᠷᠣᠨ ᠤ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠨ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠳᠡᠮᠵᠢᠬᠦ ᠪᠠᠷ ᠪᠤᠢ ᠃
ᠲᠤᠰ ᠤᠳᠠᠭᠠᠨ ᠤ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠡᠲᠡᠭᠡᠳ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠥᠭᠰᠡᠨ ᠥᠪᠡᠷ ᠤᠨ ᠥᠷᠲᠡᠭ ᠢ ᠪᠣᠳᠠᠲᠠᠢ ᠡᠭᠦᠷᠭᠡᠯᠡᠬᠦ ᠠᠮᠤ ᠪᠤᠳᠠᠭ᠎ᠠ ᠲᠠᠷᠢᠭᠰᠠᠳ ᠪᠣᠯᠣᠨ᠎ᠠ ᠃ ᠡᠭᠦᠨ ᠳᠤ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠲᠠᠷᠢᠬᠤ ᠲᠠᠷᠢᠶᠠᠴᠢᠳ ᠢ ᠪᠠᠭᠲᠠᠭᠠᠬᠤ ᠮᠥᠷᠲᠡᠭᠡᠨ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠶᠢ ᠳᠠᠭᠠᠭᠠᠨ ᠠᠪᠤᠭᠰᠠᠨ ᠠᠮᠤ ᠪᠤᠳᠠᠭ᠎ᠠ ᠲᠠᠷᠢᠬᠤ ᠲᠣᠮᠣ ᠡᠷᠦᠭᠡ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠂ ᠲᠠᠷᠢᠶᠠᠴᠢᠳ ᠤᠨ ᠬᠤᠷᠰᠢᠶ᠎ᠠ ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠵᠢᠴᠢ ᠭᠠᠵᠠᠷ ᠲᠠᠷᠢᠶ᠎ᠠ ᠬᠠᠭᠠᠯᠪᠤᠷᠢᠯᠠᠬᠤ ᠂ ᠠᠮᠤ ᠪᠤᠳᠠᠭ᠎ᠠ ᠲᠠᠷᠢᠬᠤ ᠂ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠶᠢ ᠪᠠᠭᠲᠠᠭᠠᠨ᠎ᠠ ᠃ ᠥᠪᠡᠷᠲᠡᠭᠡᠨ ᠵᠠᠰᠠᠬᠤ ᠣᠷᠣᠨ ᠠᠴᠠ ᠱᠠᠭᠠᠷᠳᠠᠭᠰᠠᠨ ᠨᠢ ᠂ ᠡᠯ᠎ᠡ ᠠᠶᠢᠮᠠᠭ ᠬᠤᠲᠠ ᠶᠢᠨ ᠬᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠂ ᠠᠮᠤ ᠪᠤᠳᠠᠭ᠎ᠠ ᠳᠠᠷᠢᠬᠤ ᠲᠠᠯᠠᠪᠠᠶ ᠵᠡᠷᠭᠡ ᠪᠠᠶᠢᠳᠠᠯ ᠲᠠᠢ ᠪᠠᠨ ᠤᠶᠠᠯᠳᠤᠭᠤᠯᠤᠨ ᠲᠣᠰ ᠣᠷᠣᠨ ᠪᠦᠰᠡ ᠶᠢᠨ ᠳᠣᠲᠣᠷᠠᠬᠢ ᠬᠤᠰᠢᠭᠤ ᠰᠢᠶᠠᠨ ᠤ ᠨᠥᠬᠦᠪᠦᠷᠢ ᠶᠢᠨ ᠵᠣᠭᠤᠰ ᠤᠨ ᠲᠤᠭ᠎ᠠ ᠶᠢ ᠶᠡᠷᠦᠩᠬᠡᠶᠢᠯᠡᠨ ᠲᠣᠭᠲᠠᠭᠠᠵᠤ ᠂ ᠵᠠᠷᠴᠢᠮ ᠳᠡᠭᠡᠷ᠎ᠡ ᠪᠠᠨ ᠰᠢᠶᠠᠨ ᠤ ᠬᠡᠪᠴᠢᠶᠡᠨ ᠳᠣᠲᠣᠷᠠᠬᠢ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ ᠃ ᠡᠭᠦᠨ ᠤ ᠬᠠᠮᠲᠤ ᠂ ᠨᠥᠬᠦᠪᠦᠷᠢ ᠶᠢ ᠢᠯᠡ ᠪᠠᠷ ᠵᠠᠷᠯᠠᠨ ᠨᠡᠶᠢᠲᠡᠯᠡᠬᠦ ᠳᠦᠷᠢᠮ ᠢ ᠬᠡᠷᠡᠭᠵᠢᠭᠦᠯᠵᠦ ᠂ 《ᠨᠢᠭᠡ ᠺᠠᠷᠲ︵ᠬᠠᠳᠠᠭᠠᠯᠠᠮᠵᠢ ᠶᠢᠨ ᠳᠡᠪᠲᠡᠷ︶ ᠢᠶᠠᠷ ᠨᠡᠶᠢᠳᠡᠮ ᠭᠦᠢᠴᠡᠳᠬᠡᠬᠦ》 ᠪᠠᠷ ᠳᠠᠮᠵᠢᠭᠤᠯᠤᠨ ᠨᠥᠬᠦᠪᠦᠷᠢ ᠶᠢ ᠰᠢᠭᠤᠳ ᠲᠠᠷᠬᠠᠭᠠᠵᠤ ᠂ ᠨᠥᠬᠦᠪᠦᠷᠢ ᠶᠢ ᠴᠠᠭ ᠲᠤᠬᠠᠢ ᠳᠤ ᠨᠢ ᠪᠠᠭᠤᠯᠭᠠᠨ ᠪᠤᠲᠠᠲᠠᠶᠢᠵᠢᠭᠤᠯᠵᠤ ᠂ ᠨᠥᠬᠦᠪᠦᠷᠢ ᠶᠢᠨ ᠪᠠᠶᠢᠪᠠᠰᠤ ᠵᠣᠬᠢᠬᠤ ᠦᠢᠯᠡᠳᠦᠯ ᠢ ᠦᠨᠡᠨ ᠬᠦ ᠪᠠᠳᠠᠷᠠᠭᠤᠯᠬᠤ ᠶᠢ ᠪᠠᠲᠤᠯᠠᠨ ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠢᠳᠡᠪᠬᠢᠲᠡᠢ ᠳᠣᠬᠢᠶ᠎ᠠ ᠶᠢ ᠭᠠᠷᠭᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠥᠰᠦᠭᠰᠡᠨ ᠠᠴᠠ ᠪᠣᠯᠤᠭᠰᠠᠨ ᠵᠠᠷᠤᠯᠭ᠎ᠠ ᠨᠡᠮᠡᠭᠳᠡᠬᠦ ᠳᠠᠷᠤᠯᠲᠠ ᠶᠢ ᠬᠥᠩᠭᠡᠷᠡᠭᠦᠯᠵᠦ ᠂ ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠶᠢ ᠪᠠᠲᠤᠯᠠᠵᠤ ᠂ ᠠᠮᠤ ᠪᠤᠳᠠᠭ᠎ᠠ ᠳᠠᠷᠢᠭᠰᠠᠨ ᠣᠷᠣᠯᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ ᠭᠡᠵᠡᠢ ᠃