ᠵᠤᠬᠢᠶᠠᠭᠴᠢ: ᠴᠠᠭ:2023-05-19 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ

 

ᠰᠢᠨᠬᠤᠸᠠ ᠬᠤᠷᠢᠶ᠎ᠠ ᠶᠢᠨ ᠰᠢ ᠠᠨ ᠤ 2023  5 ᠳ᠋ᠤᠭᠠᠷ ᠰᠠᠷ᠎ᠠ ᠶᠢᠨ 17  ᠤ ᠡᠳᠦᠷ  ᠴᠠᠬᠢᠯᠭᠠᠨ ᠮᠡᠳᠡᠭᠡ  5  ᠰᠠᠷ᠎ᠠ ᠶᠢᠨ 17 ᠤ  ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ  ᠲᠠᠢ ᠬᠡᠯᠡᠯᠴᠡᠭᠡ ᠬᠢᠪᠡ ᠃

ᠰᠢ ᠶᠢᠨ ᠫᠢᠩ ᠂ ᠳᠤᠮᠳᠠᠳᠤ ᠺᠠᠽᠠᠬᠰᠲ᠋ᠠᠨ ᠪᠣᠯ ᠬᠠᠷᠢᠯᠴᠠᠨ ᠢᠲᠡᠭᠡᠭᠦᠰᠢᠲᠡᠢ ᠰᠠᠶᠢᠨ ᠨᠠᠶᠢᠵᠠ ᠂ ᠰᠠᠶᠢᠨ ᠠᠬ᠎ᠠ ᠳᠡᠭᠦᠦ ᠂ ᠰᠠᠶᠢᠨ ᠬᠠᠨᠢᠲᠠᠨ ᠮᠥᠨ ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠺᠠᠽᠠᠬᠰᠲ᠋ᠠᠨ ᠶᠠᠭ ᠲᠦᠷᠭᠡᠨ ᠬᠥᠭᠵᠢᠭᠰᠡᠨ ᠂ ᠴᠡᠴᠡᠭᠯᠡᠨ ᠬᠥᠭᠵᠢᠭᠰᠡᠨ 《ᠰᠢᠨ᠎ᠡ ᠺᠠᠽᠠᠬᠰᠲ᠋ᠠᠨ 》  ᠢᠶᠠᠨ ᠪᠦᠲᠦᠭᠡᠨ ᠪᠠᠶᠢᠭᠤᠯᠵᠤ ᠪᠠᠶᠢᠨ᠎ᠠ ᠃ ᠳᠤᠮᠳᠠᠳᠤ ᠺᠠᠽᠠᠬᠰᠲ᠋ᠠᠨ ᠴᠥᠮ ᠬᠥᠭᠵᠢᠨ ᠮᠠᠨᠳᠤᠬᠤ ᠵᠠᠩᠭᠢᠯᠠᠭ᠎ᠠ ᠶᠢᠨ ᠱᠠᠲᠦ ᠦᠶ᠎ᠡ ᠳᠤ ᠣᠷᠣᠰᠢᠵᠤ ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠨᠢᠭᠡᠨᠲᠡ ᠰᠢᠨ᠎ᠡ 《ᠰᠢᠵᠢᠷ ᠠᠯᠳᠠᠨ ᠭᠤᠴᠢᠨ ᠵᠢᠯ》 ᠢᠶᠠᠨ ᠡᠬᠢᠯᠡᠭᠦᠯᠵᠡᠢ ᠃ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠶᠡᠭᠡ ᠪᠠᠷ ᠪᠠᠳᠠᠷᠠᠭᠤᠯᠵᠤ ᠂ ᠡᠷᠡᠰ ᠪᠠᠲᠤ ᠪᠠᠷ ᠬᠠᠷᠢᠯᠴᠠᠨ ᠳᠡᠮᠵᠢᠵᠦ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠨᠢᠭᠲᠠᠷᠠᠭᠤᠯᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ ᠂ ᠦᠶ᠎ᠡ ᠶᠢᠨ ᠦᠶ᠎ᠡ ᠳᠡᠭᠡᠨ ᠨᠥᠭᠦᠷᠰᠡᠭ ᠂ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠂ ᠠᠮᠤᠷ ᠲᠦᠪᠰᠢᠨ ᠲᠣᠭᠲᠠᠭᠤᠨ ᠂ ᠬᠥᠭᠵᠢᠨ ᠴᠡᠴᠡᠭᠯᠡᠭᠰᠡᠨ ᠺᠠᠽᠠᠬᠰᠲ᠋ᠠᠨ ᠪᠣᠯ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ ᠃ ᠳᠤᠮᠳᠠᠳᠤ ᠤᠯᠤᠰ ᠺᠠᠽᠠᠬᠰᠲ᠋ᠠᠨ ᠤ ᠤᠯᠤᠰ ᠤᠨ ᠲᠤᠰᠠᠭᠠᠷ ᠲᠣᠭᠲᠠᠨᠢᠯ ᠂ ᠡᠷᠬᠡ ᠮᠡᠳᠡᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠡᠷᠡᠰ ᠳᠡᠮᠵᠢᠵᠦ ᠂ ᠺᠠᠽᠠᠬᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠨ᠎ᠠ ᠃ ᠪᠢ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠂ ᠳᠤᠮᠳᠠᠳᠤ ᠺᠠᠽᠠᠬᠰᠲ᠋ᠠᠨ ᠬᠡᠳᠦᠨ ᠠᠷᠪᠠᠨ ᠴᠢᠬᠤᠯᠠ ᠬᠠᠮᠲᠤᠷᠠᠯᠴᠠᠭᠠᠨ ᠤ ᠲᠦᠷᠦᠯ ᠵᠦᠢᠯ ᠢ ᠠᠮᠵᠢᠯᠲᠠ  ᠲᠠᠢ ᠬᠡᠷᠡᠭᠵᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠵᠦ ᠂ ᠬᠠᠮᠲᠤ ᠶᠢᠨ ᠬᠥᠭᠵᠢᠯᠲᠡ ᠶᠢ ᠠᠬᠢᠭᠤᠯᠪᠠ ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ ᠂ ᠪᠡᠯᠡ ᠣᠷᠤᠭᠤᠯᠤᠯᠲᠠ ᠂ ᠬᠥᠳᠡᠭᠡ ᠠᠵᠤ ᠠᠬᠤᠢ ᠂ ᠮᠠᠰᠢᠨ ᠲᠡᠷᠭᠡ ᠦᠢᠯᠡᠳᠬᠦ ᠪᠠ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠪᠠᠨ ᠭᠦᠨᠵᠡᠭᠡᠶᠢᠷᠡᠭᠦᠯᠵᠦ ᠂ ᠡᠬᠡ ᠬᠠᠭᠤᠷᠠᠢ ᠳᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ ᠂ ᠡᠯᠧᠺᠲᠷᠣᠨ ᠬᠤᠳᠠᠯᠳᠤᠭ᠎ᠠ ᠂ ᠰᠢᠨ᠎ᠡ ᠶᠢ ᠡᠭᠦᠳᠬᠦ ᠂ ᠲᠣᠮᠣ ᠳ᠋ᠠᠶᠢᠲ᠋ᠠ ᠵᠡᠷᠭᠡ ᠰᠢᠨ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠬᠠᠷᠢᠯᠴᠠᠨ ᠰᠣᠶᠣᠯ ᠤᠨ ᠲᠥᠪ ᠪᠠᠶᠢᠭᠤᠯᠬᠤ ᠪᠠ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠱᠠᠯᠠᠪᠳᠠᠨ ᠨᠠᠶᠢᠳᠠᠪᠤᠷᠢᠵᠢᠭᠤᠯᠵᠤ ᠂ ᠬᠠᠷᠢᠯᠴᠠᠨ ᠸᠢᠰᠠ ᠠᠪᠬᠤ ᠶᠢ ᠬᠡᠯᠲᠦᠷᠢᠭᠦᠯᠬᠦ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠭᠢᠶᠠᠯ ᠪᠣᠯᠭᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠢᠷᠭᠡᠳ  ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠃ ᠺᠠᠽᠠᠬᠰᠲ᠋ᠠᠨ ᠤ 2024 ᠣᠨ ᠳᠤ ᠳᠤᠮᠳᠠᠳᠤ ᠤᠯᠤᠰ ᠲᠤ ᠺᠠᠽᠠᠬᠰᠲ᠋ᠠᠨ ᠤ ᠵᠢᠭᠤᠯᠴᠢᠯᠠᠯ ᠤᠨ ᠣᠨ ᠡᠷᠭᠢᠯᠡᠭᠦ ᠶᠢ ᠪᠠᠶᠠᠷᠯᠠᠨ ᠤᠭᠲᠤᠵᠤ ᠪᠠᠶᠢᠨ᠎ᠠ ᠃ ᠺᠠᠽᠠᠬᠰᠲ᠋ᠠᠨ ᠤ ᠰᠢ ᠠᠨ ᠳᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠡᠭᠦᠳᠡ ᠪᠠᠨ ᠨᠡᠭᠡᠭᠡᠵᠦ ᠂ ᠬᠤᠶᠠᠷ ᠤᠯᠤᠰ ᠤᠨ ᠣᠷᠣᠨ ᠨᠤᠲᠤᠭ ᠤᠨ ᠰᠣᠯᠢᠯᠴᠠᠭ᠎ᠠ ᠶᠢ ᠬᠦᠴᠦᠲᠡᠢ ᠠᠬᠢᠭᠤᠯᠬᠤ ᠶᠢ ᠢᠲᠡᠭᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠪᠠᠰᠠ ᠵᠠᠭᠤᠴᠢᠯᠠᠭᠤᠷ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠦᠯᠢᠭᠡᠷ ᠢ ᠬᠠᠮᠲᠤ ᠪᠠᠷ ᠰᠠᠶᠢᠲᠤᠷ ᠶᠠᠷᠢᠪᠠᠯ ᠵᠣᠬᠢᠨ᠎ᠠ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢ ᠡᠯ᠎ᠡ ᠤᠯᠤᠰ ᠤᠨ ᠣᠳᠣᠬᠠᠨ ᠤ ᠬᠡᠷᠡᠭᠴᠡᠭᠡ ᠪᠣᠯᠣᠨ ᠢᠷᠡᠭᠡᠳᠦᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠠᠮᠲᠤ ᠶᠢᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠃ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠨᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠪᠠᠶᠢᠵᠤ ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠶᠢ ᠰᠢᠨ᠎ᠡ ᠴᠠᠭ ᠦᠶ᠎ᠡ ᠳᠤ ᠣᠷᠣᠭᠤᠯᠬᠤ ᠶᠢ ᠠᠬᠢᠭᠤᠯᠬᠤ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠢ ᠪᠠᠭᠲᠠᠭᠠᠭᠰᠠᠨ ᠳᠤᠮᠳᠠᠳᠤ ᠠᠽᠢᠶ᠎ᠠ ᠶᠢᠨ ᠡᠯ᠎ᠡ ᠤᠯᠤᠰ ᠯᠤᠭ᠎ᠠ ᠬᠦᠴᠦᠨ ᠤᠬᠠᠭᠠᠨ ᠢᠶᠠᠨ ᠨᠢᠭᠲᠠᠷᠠᠭᠤᠯᠵᠤ ᠂ ᠬᠠᠮᠲᠤ ᠪᠠᠷ ᠵᠥᠪᠳᠡᠯᠴᠡᠨ ᠬᠠᠮᠲᠤ ᠪᠠᠷ ᠪᠠᠶᠢᠭᠤᠯᠵᠤ ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ ᠵᠢᠷᠭᠤᠭᠠᠨ ᠤᠯᠤᠰ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠬᠤ ᠴᠢᠬᠤᠯᠠ ᠲᠠᠪᠴᠠᠩ ᠪᠣᠯᠭᠠᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ ᠃

ᠲᠦᠸᠧᠺᠠᠶᠧᠹ ᠂ ᠤᠷᠢᠯᠭ᠎ᠠ ᠪᠠᠷ ᠰᠢ ᠠᠨ ᠳᠤ ᠢᠷᠡᠵᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠠᠮᠵᠢᠯᠲᠠ ᠣᠯᠣᠭᠰᠠᠨ ᠳᠤ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠨᠡᠩ ᠭᠡᠷᠡᠯ ᠰᠠᠴᠤᠷᠠᠩᠭᠤᠢ ᠢᠷᠡᠭᠡᠳᠦᠢ ᠲᠠᠢ ᠪᠣᠯᠣᠨ᠎ᠠ ᠭᠡᠳᠡᠭ ᠲᠤ ᠢᠲᠡᠭᠡᠵᠦ ᠪᠠᠶᠢᠨ᠎ᠠ ᠃ ᠪᠢ ᠲᠡᠷᠢᠭᠦᠯᠡᠭᠴᠢ ᠰᠢ ᠶᠢᠨ ᠫᠢᠩ ᠤᠨ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ ᠦᠨᠡᠯᠡᠯᠲᠡ ᠵᠢᠴᠢ ᠬᠤᠶᠠᠷ ᠤᠯᠤᠰ ᠤᠨ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠭᠤᠯᠭ᠎ᠠ ᠶᠢ ᠪᠦᠷᠢᠮᠦᠰᠦᠨ ᠵᠥᠪᠰᠢᠶᠡᠷᠡᠨ᠎ᠡ ᠃ ᠳᠤᠮᠳᠠᠳᠤ ᠤᠯᠤᠰ ᠺᠠᠽᠠᠬᠰᠲ᠋ᠠᠨ ᠤ ᠭᠠᠳᠠᠭᠠᠳᠤ ᠳᠤ ᠬᠠᠨᠳᠤᠭᠤᠯᠤᠭᠰᠠᠨ ᠲᠦᠷᠦ ᠶᠢᠨ ᠪᠣᠳᠣᠯᠭ᠎ᠠ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠶᠤᠮ ᠂ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠭᠦᠨ ᠵᠤᠵᠠᠭᠠᠨ ᠨᠥᠬᠦᠷᠯᠡᠯ ᠪᠣᠯᠣᠨ ᠪᠠᠲᠤ ᠪᠠᠬᠢ ᠢᠲᠡᠭᠡᠯᠴᠡᠭᠡ ᠳᠤ ᠰᠠᠭᠤᠷᠢᠯᠠᠵᠤ ᠂ ᠬᠠᠮᠲᠤ ᠶᠢᠨ ᠬᠠᠷᠠᠯᠲᠠ ᠪᠠ ᠡᠭᠦᠷᠭᠡ ᠲᠠᠢ ᠶᠤᠮ ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ ᠂ ᠬᠤᠶᠠᠷ ᠲᠠᠯ᠎ᠠ ᠶᠢᠨ ᠠᠷᠠᠯᠵᠢᠶ᠎ᠠ ᠂ ᠵᠢᠭᠤᠯᠴᠢᠯᠠᠯ ᠂ ᠰᠣᠶᠣᠯ ᠢᠷᠭᠡᠨᠰᠢᠯ ᠂ ᠣᠷᠣᠨ ᠨᠤᠲᠤᠭ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ ᠂ ᠺᠠᠽᠠᠬᠰᠲ᠋ᠠᠨ ᠳᠤᠮᠳᠠᠳᠤ ᠶᠢᠨ ᠰᠢᠨ᠎ᠡ 《ᠰᠢᠵᠢᠷ ᠠᠯᠳᠠᠨ ᠭᠤᠴᠢᠨ ᠵᠢᠯ》 ᠢ  ᠡᠬᠢᠯᠡᠭᠦᠯᠬᠦ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ ᠃ ᠺᠠᠽᠠᠬᠰᠲ᠋ᠠᠨ ᠳᠤᠮᠳᠠᠳᠤ ᠬᠠᠷᠢᠯᠴᠠᠨ ᠸᠢᠰᠠ ᠠᠪᠬᠤ ᠶᠢ ᠬᠡᠯᠲᠦᠷᠢᠭᠦᠯᠬᠦ ᠬᠡᠯᠡᠯᠴᠡᠭᠡᠷ ᠲᠣᠬᠢᠷᠠᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠡᠨᠡ ᠨᠢ ᠬᠤᠶᠠᠷ ᠲᠠᠯ᠎ᠠ ᠶᠢᠨ ᠶᠠᠪᠤᠯᠴᠠᠭ᠎ᠠ ᠶᠢ ᠬᠦᠴᠦᠲᠡᠢ ᠠᠬᠢᠭᠤᠯᠬᠤ ᠪᠣᠯᠣᠨ᠎ᠠ ᠃ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠪᠣᠯ ᠠᠭᠤᠤ ᠶᠡᠭᠡ ᠰᠠᠨᠠᠭᠠᠴᠢᠯᠠᠭ᠎ᠠ ᠮᠥᠨ ᠂ ᠺᠠᠽᠠᠬᠰᠲ᠋ᠠᠨ ᠤ ᠬᠢᠨ ᠦᠷᠭᠦᠯᠵᠢᠯᠡᠨ ᠢᠳᠡᠪᠬᠢᠲᠡᠢ ᠣᠷᠣᠯᠴᠠᠨ᠎ᠠ ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠂ ᠲᠡᠷᠢᠭᠦᠯᠡᠭᠴᠢ ᠰᠢ ᠶᠢᠨ ᠫᠢᠩ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠴᠢᠬᠤᠯᠠ ᠠᠴᠢ ᠬᠤᠯᠪᠣᠭᠳᠠᠯ ᠲᠠᠢ ᠶᠤᠮ ᠂ ᠺᠠᠽᠠᠬᠰᠲ᠋ᠠᠨ ᠤ ᠬᠢᠨ ᠢᠳᠡᠪᠬᠢᠲᠡᠢ ᠲᠡᠮᠵᠢᠵᠥ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ ᠭᠦᠢᠴᠡᠳ ᠠᠰᠢᠭᠯᠠᠵᠤ ᠂ ᠭᠠᠵᠠᠷ ᠣᠷᠣᠨ ᠤ ᠠᠮᠤᠷ ᠲᠦᠪᠰᠢᠨ ᠂ ᠲᠣᠭᠲᠠᠭᠤᠨ ᠪᠠ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ ᠃

ᠬᠡᠯᠡᠯᠴᠡᠭᠡ ᠳᠠᠭᠤᠰᠤᠭᠰᠠᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ》 ᠳᠤ   ᠭᠠᠷ ᠤᠨ ᠦᠰᠦᠭ ᠵᠢᠷᠤᠵᠤ ᠂ ᠠᠵᠤ ᠠᠬᠤᠢ ᠠᠷᠠᠯᠵᠢᠶ᠎ᠠ ᠂ ᠡᠨᠧᠷᠭᠢ ᠂ ᠵᠠᠮ ᠬᠠᠷᠢᠯᠴᠠᠭ᠎ᠠ ᠂ ᠬᠥᠳᠡᠭᠡ ᠠᠵᠤ ᠠᠬᠤᠢ ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠂ ᠰᠣᠶᠣᠯ ᠢᠷᠭᠡᠨᠰᠢᠯ ᠂ ᠣᠷᠣᠨ ᠨᠤᠲᠤᠭ ᠵᠡᠷᠭᠡ ᠬᠦᠷᠢᠶ᠎ᠡ ᠶᠢᠨ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃

ᠼᠠᠢ ᠴᠢ ᠂ ᠸᠠᠩ ᠢ ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃    

 

 

 


   :                    
   :           
备案序号:蒙ICP备05003250号 公安备案15010502000173