ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠳᠤᠮᠳᠠᠳᠤ ᠤᠯᠤᠰ ᠤᠨ ᠬᠠᠷᠢᠶ᠎ᠠ ᠪᠦᠬᠦᠢ ᠠᠯᠤᠰ ᠳᠠᠯᠠᠢ ᠶᠢᠨ ᠨᠢᠭᠡᠨ ᠵᠢᠭᠠᠰᠤ ᠠᠩᠨᠠᠬᠤ ᠣᠩᠭᠤᠴᠠ ᠡᠨᠡᠳᠬᠡᠭ ᠳᠠᠯᠠᠢ ᠶᠢᠨ ᠳᠤᠮᠳᠠ ᠬᠡᠰᠡᠭ ᠤᠨ ᠳᠠᠯᠠᠢ ᠶᠢᠨ ᠣᠷᠣᠨ ᠳᠤ ᠬᠥᠷᠪᠡᠭᠰᠡᠨ ᠲᠤᠬᠠᠢ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠳᠠᠷᠤᠶᠢᠬᠠᠨ ᠡᠬᠢᠯᠡᠭᠦᠯᠵᠦ ᠠᠪᠤᠷᠠᠨ ᠲᠤᠰᠠᠯᠠᠬᠤ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ ᠠᠯᠤᠰ ᠳᠠᠯᠠᠢ ᠶᠢᠨ ᠠᠵᠢᠯ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠵᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ
ᠯᠢ ᠴᠢᠶᠠᠩ ᠴᠣᠬᠤᠯᠠᠪᠤᠷᠢ ᠥᠭᠴᠡᠢ
2023 5 ᠳ᠋ᠤᠭᠠᠷ ᠰᠠᠷ᠎ᠠ ᠶᠢᠨ 16 ᠤ ᠥᠷᠯᠥᠭᠡ ᠶᠢᠨ 3 ᠴᠠᠭ ᠤᠨ ᠦᠶ᠎ᠡ ᠪᠠᠷ᠂ ᠫᠧᠩ ᠯᠠᠢ ᠵᠢᠩ ᠯᠦ ᠵᠢᠭᠠᠰᠤᠨ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠬᠤ ᠳᠤᠮᠳᠠᠳᠤ ᠤᠯᠤᠰ ᠤᠨ ᠬᠠᠷᠢᠶ᠎ᠠ ᠪᠦᠬᠦᠢ ᠠᠯᠤᠰ ᠳᠠᠯᠠᠢ ᠶᠢᠨ ᠵᠢᠭᠠᠰᠤ ᠠᠩᠨᠠᠬᠤ ᠣᠩᠭᠤᠴᠠ《ᠯᠦ ᠫᠧᠩ ᠶᠤᠸᠠᠨ ᠢᠦᠢ 028》 ᠡᠨᠡᠳᠬᠡᠭ ᠳᠠᠯᠠᠢ ᠶᠢᠨ ᠳᠤᠮᠳᠠ ᠬᠡᠰᠡᠭ ᠤᠨ ᠳᠠᠯᠠᠢ ᠶᠢᠨ ᠣᠷᠣᠨ ᠳᠤ ᠬᠥᠷᠪᠡᠵᠦ᠂ ᠣᠩᠭᠤᠴᠠᠨ ᠳᠡᠭᠡᠷᠡᠬᠢ 39 ᠬᠥᠮᠥᠨ ᠬᠤᠯᠪᠣᠭ᠎ᠠ ᠲᠠᠰᠤᠷᠠᠵᠤ᠂ ᠡᠭᠦᠨ ᠳᠤ ᠳᠤᠮᠳᠠᠳᠤ ᠤᠯᠤᠰ ᠤᠨ ᠬᠠᠷᠢᠶ᠎ᠠ ᠪᠦᠬᠦᠢ ᠣᠩᠭᠤᠴᠠᠴᠢᠨ 17 ᠬᠥᠮᠥᠨ᠂ ᠢᠨᠳᠤᠨᠧᠰᠢᠶ᠎ᠠ ᠶᠢᠨ ᠬᠠᠷᠢᠶ᠎ᠠ ᠪᠦᠬᠦᠢ 17 ᠬᠥᠮᠥᠨ᠂ ᠹᠢᠯᠢᠫᠢᠨ ᠤ ᠬᠠᠷᠢᠶ᠎ᠠ ᠪᠦᠬᠦᠢ 5 ᠬᠥᠮᠥᠨ ᠪᠠᠶᠢᠪᠠ᠃ ᠣᠳᠣᠬᠠᠨ ᠪᠣᠯᠲᠠᠯ᠎ᠠ ᠬᠤᠯᠪᠣᠭ᠎ᠠ ᠲᠠᠰᠤᠷᠠᠭᠰᠠᠨ ᠬᠥᠮᠥᠰ ᠢ ᠡᠷᠢᠵᠦ ᠣᠯᠤᠭ᠎ᠠ ᠦᠭᠡᠢ ᠪᠠᠶᠢᠵᠤ᠂ ᠡᠷᠢᠵᠦ ᠠᠪᠤᠷᠠᠬᠤ ᠠᠵᠢᠯ ᠶᠠᠭ ᠶᠠᠪᠤᠭᠳᠠᠵᠤ ᠪᠠᠶᠢᠨ᠎ᠠ᠃
ᠠᠳᠡᠯ ᠭᠠᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠱᠠᠨᠳᠦ᠋ᠩ ᠮᠤᠵᠢ ᠶᠢᠨ ᠬᠢᠨ ᠳᠠᠷᠤᠶᠢᠬᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠵᠦ᠂ ᠪᠠᠶᠢᠳᠠᠯ ᠢ ᠬᠢᠨᠠᠨ ᠬᠠᠷᠭᠤᠭᠤᠯᠵᠤ᠂ ᠠᠪᠤᠷᠠᠨ ᠲᠤᠰᠠᠯᠠᠬᠤ ᠬᠦᠴᠦᠨ ᠢ ᠨᠡᠮᠡᠵᠦ ᠲᠣᠮᠢᠯᠠᠨ᠂ ᠣᠯᠠᠨ ᠤᠯᠤᠰ ᠤᠨ ᠳᠠᠯᠠᠢ ᠳᠡᠭᠡᠷᠡᠬᠢ ᠡᠷᠢᠵᠦ ᠠᠪᠤᠷᠠᠬᠤ ᠲᠤᠰᠠᠯᠠᠮᠵᠢ ᠶᠢ ᠵᠣᠬᠢᠴᠠᠭᠤᠯᠵᠤ᠂ ᠪᠥᠬᠦ ᠬᠦᠴᠦᠨ ᠢᠶᠠᠷ ᠢᠶᠠᠨ ᠠᠪᠤᠷᠠᠨ ᠲᠤᠰᠠᠯᠠᠬᠤ ᠬᠡᠷᠡᠭᠲᠡᠢ᠃ ᠭᠠᠳᠠᠭᠠᠳᠤ ᠶᠠᠪᠤᠳᠠᠯ ᠤᠨ ᠶᠠᠮᠤᠨ ᠪᠣᠯᠣᠨ ᠭᠠᠳᠠᠭᠠᠳᠤ ᠳᠤ ᠰᠠᠭᠤᠭ᠎ᠠ ᠬᠤᠯᠪᠣᠭᠳᠠᠯ ᠪᠦᠬᠦᠢ ᠡᠯᠴᠢᠨ ᠰᠠᠶᠢᠳ ᠤᠨ ᠶᠠᠮᠤᠨ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠡᠷᠢᠵᠦ ᠠᠪᠤᠷᠠᠬᠤ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠢ᠃ ᠠᠯᠤᠰ ᠳᠠᠯᠠᠢ ᠶᠢᠨ ᠠᠵᠢᠯ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠶᠢ ᠴᠢᠨᠠᠭᠰᠢᠳᠠ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠬᠦ ᠴᠢᠬᠤᠯᠠ ᠵᠢᠭᠠᠪᠤᠷᠢ ᠥᠭᠴᠡᠢ᠃
ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠮᠢᠶ᠎ᠠ ᠪᠦᠬᠦᠢ ᠲᠠᠯ᠎ᠠ ᠶᠢᠨ ᠬᠦᠴᠦᠨ ᠢ ᠱᠠᠯᠠᠪᠳᠠᠨ ᠵᠣᠬᠢᠴᠠᠭᠤᠯᠵᠤ ᠠᠶᠤᠯ ᠳᠤ ᠤᠴᠠᠷᠠᠭᠰᠠᠨ ᠣᠩᠭᠤᠴᠠᠴᠢᠨ ᠢ ᠪᠥᠬᠦ ᠬᠦᠴᠦᠨ ᠢᠶᠠᠷ ᠡᠷᠢᠨ ᠠᠪᠤᠷᠠᠵᠤ᠂ ᠬᠥᠮᠥᠰ ᠤᠨ ᠦᠬᠦᠯ ᠰᠢᠷᠬᠠᠲᠤᠯ ᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠠᠭᠠᠰᠬᠠᠬᠤ ᠬᠡᠷᠡᠭᠲᠡᠢ᠃ ᠳᠠᠯᠠᠢ ᠳᠡᠭᠡᠷᠡᠬᠢ ᠵᠢᠭᠠᠰᠤᠨ ᠣᠩᠭᠤᠴᠠ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠠᠯᠠᠢ ᠳᠡᠭᠡᠷᠡᠬᠢ ᠲᠡᠭᠡᠭᠡᠪᠦᠷᠢ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠱᠠᠨᠳᠦ᠋ᠩ ᠮᠤᠵᠢ ᠨᠢᠭᠡᠨᠲᠡ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠵᠦ᠂ 《ᠯᠦ ᠫᠧᠩ ᠶᠤᠸᠠᠨ ᠢᠦᠢ 028》 ᠣᠩᠭᠤᠴᠠ᠂ ᠵᠥᠩ ᠶᠤᠸᠠᠨ ᠳᠠᠯᠠᠢ ᠶᠢᠨ ᠲᠡᠭᠡᠭᠡᠪᠦᠷᠢ ᠶᠢᠨ 《ᠶᠤᠸᠠᠨ ᠹᠦ᠋ ᠬᠠᠢ》ᠬᠥᠯᠭᠡ ᠣᠩᠭᠤᠴᠠ ᠵᠡᠷᠭᠡ ᠶᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠬᠤᠯᠪᠣᠭ᠎ᠠ ᠲᠠᠰᠤᠷᠠᠭᠰᠠᠨ ᠳᠠᠯᠠᠢ ᠶᠢᠨ ᠣᠷᠣᠨ ᠳᠤ ᠬᠦᠷᠴᠦ ᠠᠪᠤᠷᠠᠨ ᠲᠤᠰᠠᠯᠠᠵᠤ ᠪᠠᠶᠢᠨ᠎ᠠ᠂ ᠡᠭᠦᠨ ᠠᠴᠠ ᠭᠠᠳᠠᠨ᠎ᠠ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠬᠦᠴᠦᠨ ᠶᠠᠭ ᠬᠤᠯᠪᠣᠭ᠎ᠠ ᠲᠠᠰᠤᠷᠠᠭᠰᠠᠨ ᠳᠠᠯᠠᠢ ᠶᠢᠨ ᠣᠷᠣᠨ ᠢ ᠴᠢᠭᠯᠡᠨ ᠤᠳᠤᠵᠤ ᠪᠣᠢ᠃ ᠳᠤᠮᠳᠠᠳᠤ ᠤᠯᠤᠰ ᠤᠨ ᠳᠠᠯᠠᠢ ᠳᠡᠭᠡᠷᠡᠬᠢ ᠡᠷᠢᠵᠦ ᠠᠪᠤᠷᠠᠬᠤ ᠲᠥᠪ ᠤᠨ ᠬᠢᠨ ᠬᠤᠯᠪᠣᠭᠳᠠᠯ ᠪᠦᠬᠦᠢ ᠤᠯᠤᠰ ᠲᠤ ᠮᠡᠳᠡᠭᠡ ᠵᠠᠩᠭᠢ ᠶᠢ ᠮᠡᠳᠡᠭᠳᠡᠵᠦ᠂ ᠠᠦ᠋ᠰᠲᠷᠠᠯᠢᠶ᠎ᠠ ᠵᠡᠷᠭᠡ ᠤᠯᠤᠰ ᠤᠨ ᠳᠠᠯᠠᠢ ᠳᠡᠭᠡᠷᠡᠬᠢ ᠡᠷᠢᠵᠦ ᠠᠪᠤᠷᠠᠬᠤ ᠬᠦᠴᠦᠨ ᠲᠤᠬᠠᠢ ᠶᠢᠨ ᠲᠠᠯᠠᠪᠠᠢ ᠳᠤ ᠡᠷᠢᠵᠦ ᠠᠪᠤᠷᠠᠵᠤ ᠪᠠᠶᠢᠨ᠎ᠠ᠃ ᠭᠠᠳᠠᠭᠠᠳᠤ ᠶᠠᠪᠤᠳᠠᠯ ᠤᠨ ᠶᠠᠮᠤᠨ ᠨᠢᠭᠡᠨᠲᠡ ᠺᠤᠨᠰᠦ᠋ᠯ ᠤᠨ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠵᠦ᠂ ᠠᠦ᠋ᠰᠲᠷᠠᠯᠢᠶ᠎ᠠ᠂ ᠰᠷᠢ ᠯᠠᠨᠺᠠ᠂ ᠮᠠᠯᠳᠠᠶᠢᠹ᠂ ᠢᠨᠳᠤᠨᠧᠰᠢᠶ᠎ᠠ᠂ ᠹᠢᠯᠢᠫᠢᠨ ᠵᠡᠷᠭᠡ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠰᠠᠭᠤᠭ᠎ᠠ ᠤᠯᠤᠰ ᠤᠨ ᠢᠶᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠢᠳᠡᠪᠬᠢᠲᠡᠢ ᠪᠠᠷ ᠡᠷᠢᠨ ᠠᠪᠤᠷᠠᠬᠤ ᠳᠤ ᠣᠷᠣᠯᠴᠠᠭᠤᠯᠬᠤ ᠪᠠᠷ ᠦᠳᠲᠡᠷ ᠲᠦᠷᠭᠡᠨ ᠪᠠᠶᠢᠷᠢᠯᠠᠭᠤᠯᠵᠠᠢ᠃