ᠵᠤᠬᠢᠶᠠᠭᠴᠢ: ᠴᠠᠭ:2023-05-19 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠯᠢᠶᠣᠤᠨᠢᠩ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ   ᠰᠦᠨ ᠱᠤᠤ ᠴᠧᠩ   ᠬᠤᠤ ᠫᠧᠩ   ᠸᠠᠩ ᠯᠢ ᠰᠢᠶᠠ   ᠯᠢ ᠯᠧ ᠴᠧᠩ   ᠵᠠᠩ ᠶᠠᠨ ᠺᠦᠨ   ᠵᠧᠦ ᠪᠦᠸᠧ ᠠᠵᠢᠯᠯᠠᠭ᠎ᠠ ᠳᠤ ᠣᠷᠣᠯᠴᠠᠵᠠᠢ

 

2023  5 ᠳ᠋ᠤᠭᠠᠷ ᠰᠠᠷ᠎ᠠ ᠶᠢᠨ 10 ︱ 11  ᠤ ᠡᠳᠦᠷ ᠂ ᠯᠢᠶᠣᠤᠨᠢᠩ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠂ ᠨᠥᠭᠦᠷᠰᠡᠭ ᠬᠥᠷᠰᠢ ᠶᠢᠨ ᠡᠶ᠎ᠡ ᠨᠠᠶᠢᠷ ᠢ ᠠᠭᠤᠵᠢᠷᠠᠲᠠᠯ᠎ᠠ ᠶᠠᠷᠢᠯᠴᠠᠵᠤ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠭᠡᠳ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠬᠤᠤ ᠫᠧᠩ ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠮᠤᠵᠢ ᠶᠢᠨ ᠳᠠᠷᠤᠭ᠎ᠠ ᠯᠢ ᠯᠧ ᠴᠧᠩ ᠂ ᠯᠢᠶᠣᠤᠨᠢᠩ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠧᠦ ᠪᠦᠸᠧ ᠶᠠᠷᠢᠯᠴᠠᠬᠤ ᠬᠤᠷᠠᠯ ᠬᠢᠵᠦ ᠂ ᠣᠷᠣᠨ ᠪᠦᠰᠡ ᠶᠢᠨ ᠬᠠᠮᠲᠤᠷᠠᠯᠴᠠᠭ᠎ᠠ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠡᠭᠡ ᠪᠣᠳᠣᠯᠭ᠎ᠠ  ᠶᠢ ᠠᠬᠢᠭᠤᠯᠬᠤ ᠲᠤᠬᠠᠢ ᠬᠠᠮᠲᠤ ᠪᠠᠷ ᠵᠥᠪᠯᠡᠪᠡ ᠃   

ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠂ ᠯᠢᠶᠣᠤᠨᠢᠩ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠦᠭᠦ ᠤᠯᠤᠰ ᠤᠨ ᠬᠠᠮᠤᠭ ᠤᠨ ᠶᠡᠭᠡ ᠬᠢᠯᠢ ᠳᠠᠭᠠᠤ ᠬᠠᠭᠤᠷᠠᠢ ᠵᠠᠮ ᠤᠨ ᠪᠣᠭᠤᠮᠲᠠ ᠮᠠᠨᠵᠤᠤᠷ ᠲᠤ ᠬᠦᠷᠴᠦ ᠂ ᠲᠡᠮᠦᠷ ᠵᠠᠮ ᠤᠨ ᠪᠣᠭᠤᠮᠲᠠ ᠂ ᠣᠯᠠᠨ ᠤᠯᠤᠰ ᠤᠨ ᠵᠠᠰᠠᠮᠠᠯ ᠵᠠᠮ ᠤᠨ ᠪᠣᠭᠤᠮᠲᠠ ᠶᠢ ᠰᠢᠨᠵᠢᠯᠡᠨ ᠪᠠᠶᠢᠴᠠᠭᠠᠵᠤ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠪᠠ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠮᠠᠨᠵᠤᠤᠷ ᠤᠨ ᠤᠯᠤᠰ ᠤᠨ ᠡᠭᠦᠳᠡ ᠪᠠ ᠬᠤᠪᠢᠰᠬᠠᠯ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠤᠶᠠᠷ ᠮᠤᠵᠢ ᠣᠷᠣᠨ ᠤ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠭᠦᠭᠡᠬᠤᠲᠠ ᠳᠤ ᠂ ᠲᠥᠯᠥᠭᠡᠯᠡᠭᠴᠢᠳ ᠤᠨ ᠪᠦᠯᠬᠦᠮ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠂ ᠮᠧᠩ ᠼᠤᠤ ᠠᠮᠢ ᠠᠬᠤᠢ ᠣᠷᠴᠢᠨ ᠲᠣᠭᠤᠷᠢᠨ︵ᠪᠦᠯᠦᠭᠯᠡᠯ︶ ᠤ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠂ ᠠᠮᠢ ᠠᠬᠤᠢ ᠶᠢ ᠰᠡᠷᠭᠦᠭᠡᠨ ᠵᠠᠰᠠᠬᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠵᠡᠷᠭᠡ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠪᠠ ᠃

11 ᠤ ᠡᠳᠦᠷ ᠦᠳᠡ ᠶᠢᠨ ᠬᠤᠶᠢᠨ᠎ᠠ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠯᠢᠶᠣᠤᠨᠢᠩ ᠮᠤᠵᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠂ ᠯᠢ ᠯᠧ ᠴᠧᠩ ᠲᠤᠰ ᠲᠤᠰ ᠬᠤᠶᠠᠷ ᠮᠤᠵᠢ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ ᠂ ᠰᠦᠨ ᠱᠤᠤ ᠴᠧᠩ ᠂ ᠬᠤᠤ ᠫᠧᠩ ᠶᠠᠷᠢᠶ᠎ᠠ ᠲᠠᠯᠪᠢᠵᠠᠢ ᠃

ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠯᠢᠶᠣᠤᠨᠢᠩ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠯᠢᠶᠣᠤᠨᠢᠩ ᠤᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠯᠢᠶᠣᠤᠨᠢᠩ ᠮᠤᠵᠢ ᠪᠣᠯ 《ᠪᠦᠭᠦᠳᠠ ᠨᠠᠶᠢᠷᠠᠮᠳᠠᠬᠤ ᠤᠯᠤᠰ ᠤᠨ ᠤᠤᠭᠠᠨ ᠬᠦᠦ》 ᠪᠣᠯᠣᠨ᠎ᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠂ ᠯᠢᠶᠣᠤᠨᠢᠩ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠯᠢᠶᠣᠤᠨᠢᠩ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠦᠭᠦ ᠣᠷᠣᠨ ᠪᠠᠶᠢᠷᠢᠰᠢᠯ ᠢᠶᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠪᠠᠲᠤ ᠴᠢᠩᠭ᠎ᠠ ᠠᠯᠬᠤᠭ᠎ᠠ ᠶᠢ ᠠᠯᠬᠤᠵᠤ ᠴᠢᠳᠠᠪᠠ ᠃ ᠥᠪᠥᠷ ᠮᠣᠩᠭᠤᠯ ᠪᠣᠯᠣᠨ ᠯᠢᠶᠣᠤᠨᠢᠩ ᠠᠭᠤᠯᠠ ᠤᠰᠤ ᠪᠠᠷ ᠢᠶᠠᠨ ᠬᠥᠷᠰᠢᠯᠡᠵᠦ ᠂ ᠰᠣᠶᠣᠯ ᠢᠷᠭᠡᠨᠰᠢᠯ ᠣᠶᠢᠷᠠᠯᠴᠠᠭ᠎ᠠ ᠂ ᠶᠠᠪᠤᠯᠴᠠᠭ᠎ᠠ ᠨᠢᠭᠲᠠ ᠪᠠᠶᠢᠵᠤ ᠂ ᠬᠠᠮᠲᠤ ᠳᠠᠭᠠᠨ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠭᠠᠵᠠᠷ ᠣᠷᠣᠨ ᠳᠤ ᠬᠠᠷᠢᠶᠠᠯᠠᠭᠳᠠᠵᠤ ᠂ ᠴᠥᠮ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ ᠲᠦᠪᠰᠢᠨ ᠂ ᠠᠮᠢ ᠠᠬᠤᠢ ᠶᠢᠨ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠂ ᠤᠷᠳᠤ ᠬᠤᠭᠤᠴᠠᠭᠠᠨ ᠤ ᠲᠤᠷᠰᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ ᠂ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ ᠣᠯᠪᠠ ᠃ ᠣᠳᠣᠬᠠᠨ ᠳᠤ ᠂ ᠯᠢᠶᠣᠤᠨᠢᠩ ᠶᠠᠭ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠰᠢᠪᠲᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠂ ᠰᠢᠨ᠎ᠡ ᠴᠠᠭ ᠦᠶ᠎ᠡ ᠶᠢᠨ 《ᠯᠢᠶᠣᠤ ᠱᠧᠨ ᠤ ᠳᠠᠶᠢᠯᠠᠯᠳᠤᠭᠠᠨ 》 ᠢ ᠴᠢᠷᠮᠠᠶᠢᠨ ᠰᠠᠶᠢᠲᠤᠷ ᠬᠢᠵᠦ ᠪᠤᠶ ᠂ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠬᠦᠴᠦᠨ ᠢᠶᠠᠨ ᠲᠥᠪᠯᠡᠷᠡᠭᠦᠯᠵᠦ ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ ᠃ ᠢᠷᠡᠭᠡᠳᠦᠢ ᠶᠢ ᠪᠠᠷᠠᠯᠠᠬᠤᠶ᠎ᠠ ᠬᠤᠶᠠᠷ ᠮᠤᠵᠢ ᠣᠷᠣᠨ ᠤ ᠬᠢᠨ ᠰᠠᠶᠢᠨ ᠲᠠᠢ ᠲᠠᠯ᠎ᠠ ᠪᠠᠨ ᠬᠠᠷᠢᠯᠴᠠᠨ ᠠᠪᠴᠤ ᠳᠤᠲᠠᠭᠳᠠᠯ ᠲᠠᠢ ᠲᠠᠯ᠎ᠠ ᠪᠠᠨ ᠬᠠᠷᠢᠯᠴᠠᠨ ᠨᠥᠬᠦᠪᠦᠷᠢᠯᠡᠬᠦ ᠬᠦᠷᠢᠶ᠎ᠡ ᠮᠠᠰᠢ ᠣᠯᠠᠨ ᠪᠠᠶᠢᠵᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠠᠵᠢᠯ ᠶᠠᠪᠤᠬᠤ ᠲᠤᠲᠤᠮ ᠥᠷᠭᠡᠵᠢᠬᠦ ᠪᠣᠯᠣᠨ᠎ᠠ ᠃ ᠬᠤᠯᠠ ᠶᠢᠨ ᠰᠠᠳᠤᠨ ᠠᠴᠠ ᠣᠶᠢᠷ᠎ᠠ  ᠶᠢᠨ ᠬᠥᠷᠰᠢ ᠳᠡᠭᠡᠷ᠎ᠡ ᠭᠡᠳᠡᠭᠴᠢᠯᠡᠨ ᠂ ᠬᠤᠶᠠᠷ ᠮᠤᠵᠢ ᠣᠷᠣᠨ ᠢᠶᠠᠷ ᠢᠶᠠᠨ ᠢᠯᠡᠭᠦᠬᠡᠨ ᠨᠡᠪᠲᠡᠷᠡᠯᠴᠡᠵᠦ ᠂ ᠢᠯᠡᠭᠦᠬᠡᠨ ᠶᠠᠪᠤᠯᠴᠠᠵᠤ ᠂ ᠨᠢᠵᠢᠭᠡᠳ ᠪᠦᠷᠢ ᠶᠢᠨ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ ᠂ ᠬᠠᠮᠲᠤᠷᠠᠯᠴᠠᠭᠠᠨ ᠤ ᠬᠠᠷᠢᠯᠴᠠᠭ᠎ᠠ ᠪᠠᠨ ᠲᠠᠰᠤᠷᠠᠯᠳᠡ ᠦᠭᠡᠢ ᠨᠢᠭᠲᠠᠷᠠᠭᠤᠯᠵᠤ ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠠᠬᠢᠭᠤᠯᠵᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠨᠡᠩ ᠤᠯᠠᠨ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠪᠡ ᠃

ᠬᠤᠤ ᠫᠧᠩ ᠮᠤᠵᠢ ᠶᠢᠨ ᠨᠠᠮ ᠤᠨ ᠬᠤᠷᠢᠶ᠎ᠠ ᠂ ᠮᠤᠵᠢ ᠶᠢᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠤᠷᠳᠤ ᠬᠤᠭᠤᠴᠠᠭᠠᠨ ᠤ ᠲᠤᠷᠰᠢ ᠯᠢᠶᠣᠤᠨᠢᠩ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠣᠯᠣᠭᠰᠠᠨ ᠠᠮᠵᠢᠯᠲᠠ ᠳᠤ ᠪᠠᠶᠠᠷ ᠬᠦᠷᠭᠡᠪᠡ ᠃ ᠲᠡᠷᠡ ᠂ ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠂ ᠥᠩᠭᠡ ᠦᠵᠡᠮᠵᠢ ᠰᠦᠷᠯᠢᠭ ᠰᠠᠶᠢᠬᠠᠨ ᠂ ᠣᠷᠣᠨ ᠪᠠᠶᠢᠷᠢ ᠥᠪᠡᠷᠮᠢᠴᠡ ᠣᠨᠴᠠᠯᠢᠭ ᠲᠠᠢ ᠶᠤᠮ ᠂ ᠣᠶᠢᠷ᠎ᠠ ᠶᠢᠨ ᠵᠢᠯ ᠤᠨ ᠲᠤᠷᠰᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠤᠨ ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠮᠠᠰᠢ ᠲᠦᠷᠭᠡᠨ ᠪᠠᠶᠢᠨ᠎ᠠ ᠂ ᠪᠢᠳᠡ ᠶᠡᠬᠡᠳᠡ ᠵᠣᠷᠢᠭᠵᠢᠵᠤ ᠂ ᠶᠡᠬᠡᠳᠡ ᠪᠢᠰᠢᠷᠡᠵᠦ ᠪᠠᠶᠢᠨ᠎ᠠ ᠃ ᠯᠢᠶᠣᠤᠨᠢᠩ ᠥᠪᠥᠷ ᠮᠣᠩᠭᠤᠯ ᠬᠤᠶᠠᠷ ᠮᠤᠵᠢ ᠣᠷᠣᠨ ᠭᠠᠵᠠᠷ ᠣᠷᠣᠨ ᠢᠶᠠᠷ ᠢᠶᠠᠨ ᠬᠤᠯᠪᠣᠯᠳᠤᠵᠤ ᠂ ᠠᠵᠤ ᠦᠢᠯᠡᠰ ᠢᠶᠠᠷ ᠢᠶᠠᠨ ᠬᠠᠷᠢᠯᠴᠠᠨ ᠨᠥᠬᠦᠪᠦᠷᠢᠯᠡᠵᠦ ᠂ ᠬᠠᠶᠢᠷ᠎ᠠ ᠰᠡᠳᠬᠢᠯᠭᠡ ᠲᠤᠶᠢᠯ ᠤᠨ ᠭᠦᠨ ᠵᠤᠵᠠᠭᠠᠨ ᠪᠠᠶᠢᠳᠠᠭ ᠃ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ ᠂ ᠥᠪᠥᠷ ᠮᠣᠩᠭᠤᠯ ᠲᠠᠢ ᠬᠠᠮᠲᠤ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤᠮᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ   ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ ᠂ ᠴᠢᠨᠠᠷ ᠰᠠᠶᠢᠲᠠᠢ ᠬᠥᠭᠵᠢᠯᠲᠡ ᠪᠠᠷ ᠢᠶᠠᠨ ᠤᠯᠤᠰ ᠤᠨ《ᠲᠠᠪᠤᠨ ᠶᠡᠭᠡ ᠠᠮᠤᠷ ᠲᠦᠪᠰᠢᠨ》 ᠢ  ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ ᠃ ᠬᠤᠶᠠᠷ ᠲᠠᠯ᠎ᠠ ᠪᠠᠷ ᠢᠶᠠᠨ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ ᠂ ᠵᠡᠭᠦᠨ ᠬᠤᠶᠢᠲᠤ ᠶᠢᠨ ᠲᠠᠯᠠᠢ ᠬᠠᠭᠤᠷᠠᠢ ᠶᠢᠨ ᠶᠡᠭᠡ ᠵᠠᠮ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠲᠡᠰ ᠳᠡᠪᠰᠢᠭᠦᠯᠬᠦ ᠶᠢ ᠬᠠᠮᠵᠢᠯᠴᠠᠨ ᠠᠬᠢᠭᠤᠯᠵᠤ ᠂ ᠤᠮᠠᠷᠠᠰᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠬᠦᠴᠦ ᠪᠠᠨ ᠬᠠᠮᠲᠤᠳᠬᠠᠨ ᠪᠠᠶᠢᠭᠤᠯᠵᠤ ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠠᠭᠤᠰᠤᠯᠴᠠᠬᠤ ᠶᠢ ᠬᠦᠰᠡᠵᠦ ᠪᠠᠶᠢᠨ᠎ᠠ᠃ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠭᠦᠨᠵᠡᠭᠡᠶᠢᠷᠡᠭᠦᠯᠵᠦ ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠬᠠᠮᠲᠤ ᠪᠠᠷ ᠪᠤᠶ ᠪᠣᠯᠭᠠᠶ᠎ᠠ ᠃ ᠬᠤᠶᠠᠷ ᠭᠠᠵᠠᠷ ᠤᠨ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠶ᠎ᠠ ᠃ ᠠᠮᠢ ᠠᠬᠤᠢ ᠶᠢᠨ ᠬᠠᠮᠠᠭᠠᠯᠠᠯᠲᠠ ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠤᠶᠠᠷ ᠲᠠᠯ᠎ᠠ ᠶᠢᠨ ᠠᠯᠳᠠ ᠮᠥᠩᠭᠦᠨ ᠠᠭᠤᠯᠠ ᠪᠣᠯᠭᠠᠶ᠎ᠠ ᠃ ᠵᠣᠬᠢᠴᠠᠭᠤᠯᠤᠨ ᠵᠣᠯᠭᠠᠭᠤᠯᠬᠤ ᠲᠣᠭᠲᠠᠴᠠ ᠶᠢ ᠤᠯᠠᠮ ᠴᠢᠨᠠᠭᠰᠢᠳᠠ ᠴᠢᠩᠭᠠᠳᠬᠠᠵᠤ ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠳᠤ ᠵᠢᠷᠤᠭᠯᠠᠵᠤ ᠥᠭᠭᠦᠭᠰᠡᠨ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠢᠷᠤᠭ ᠲᠥᠯᠥᠪᠯᠡᠭᠡ ᠶᠢ ᠬᠠᠮᠲᠤ ᠪᠠᠷ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ ᠭᠡᠪᠡ ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠢᠦᠢ ᠯᠢ ᠰᠢᠨ ᠂ ᠯᠢᠨ ᠱᠤᠤ ᠴᠦᠨ ᠂ ᠶᠠᠩ ᠶᠢᠨ ᠂ ᠶᠠᠩ ᠵᠢᠶᠧ ᠂ ᠯᠢᠶᠣᠤᠨᠢᠩ ᠮᠤᠵᠢ ᠵᠢᠴᠢ ᠮᠦᠭᠳᠡᠨ ᠬᠤᠳᠠ ᠂ ᠳ᠋ᠠᠯᠢᠶᠠᠨ ᠬᠤᠳᠠ ᠶᠢᠨ ᠤᠳᠤᠷᠢᠳᠤᠯᠭ᠎ᠠ ᠸᠠᠩ ᠰᠢᠨ ᠸᠧᠢ ᠂ ᠵᠠᠩ ᠴᠧᠩ ᠵᠦᠩ ᠂ ᠴᠧᠨ ᠰᠢᠶᠠᠩ ᠴᠢᠶᠦ᠋ᠨ ᠂  ᠶᠢᠨ ᠭᠦᠸᠧ ᠸᠧᠢ ᠂ ᠴᠧᠨ ᠱᠤᠤ ᠸᠠᠩ ᠂ ᠬᠤᠶᠠᠷ ᠮᠤᠵᠢ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠳᠠ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ ᠃

 

 

 


   :                    
   :           
备案序号:蒙ICP备05003250号 公安备案15010502000173