ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
2023 ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ︵ᠥᠪᠥᠷ ᠮᠣᠩᠭᠤᠯ︶ ᠤᠨ ᠤᠰᠤᠲᠥ᠋ᠷᠥᠭᠴᠢ ᠡᠨᠧᠷᠭᠢ ᠶᠢᠨ ᠶᠠᠷᠢᠶᠠᠨ ᠤ ᠲᠠᠪᠴᠠᠩ ᠵᠢᠴᠢ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠬᠡᠷᠡᠭᠯᠡᠭᠡᠨ ᠤ ᠦᠵᠡᠰᠬᠦᠯᠡᠩ ᠡᠬᠢᠯᠡᠪᠡ ᠶᠠᠩ ᠶᠢᠨ ᠠᠨ ᠷᠦᠨ ᠱᠧᠩ ᠣᠷᠣᠯᠴᠠᠪᠠ
2023 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ 2023 ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ︵ᠥᠪᠥᠷ ᠮᠣᠩᠭᠤᠯ︶ ᠤᠨ ᠤᠰᠤᠲᠥ᠋ᠷᠥᠭᠴᠢ ᠡᠨᠧᠷᠭᠢ ᠶᠢᠨ ᠶᠠᠷᠢᠶᠠᠨ ᠤ ᠲᠠᠪᠴᠠᠩ ᠵᠢᠴᠢ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠬᠡᠷᠡᠭᠯᠡᠭᠡᠨ ᠤ ᠦᠵᠡᠰᠬᠦᠯᠡᠩ ᠬᠥᠬᠡᠬᠤᠲᠠ ᠳᠤ ᠡᠬᠢᠯᠡᠪᠡ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠪᠠ᠃
ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠣᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠰᠠᠯᠬᠢ ᠭᠡᠷᠡᠯ ᠤᠰᠤᠳᠦ᠋ᠷᠦᠭᠴᠢ ᠡᠨᠧᠷᠭᠢ ᠶᠢᠨ ᠨᠥᠭᠡᠴᠡ ᠶᠢᠨ ᠠᠵᠤ ᠦᠢᠯᠡᠰ ᠤᠨ ᠪᠦᠯᠦᠭᠵᠢᠯ ᠪᠣᠯᠣᠨ ᠬᠥᠬᠡᠬᠤᠲᠠ ᠪᠤᠭᠤᠲᠤ ᠣᠷᠳᠣᠰ ᠤᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠵᠤ ᠂ ᠰᠢᠨ᠎ᠡ ᠡᠨᠧᠷᠭᠢ ᠶᠢᠨ ᠬᠦᠷᠢᠶᠡᠨ ᠳᠤ 《ᠠᠵᠤ ᠦᠢᠯᠡᠳᠪᠦᠷᠢ ᠶᠢᠨ ᠥᠪᠥᠷ ᠮᠣᠩᠭᠤᠯ》 ᠢ ᠳᠠᠬᠢᠨᠲᠠ ᠪᠠᠶᠢᠭᠤᠯᠬᠤ ᠪᠠᠷ ᠴᠢᠷᠮᠠᠶᠢᠵᠤ ᠪᠤᠢ᠃
ᠬᠤᠷᠠᠯ ᠳᠡᠭᠡᠷ᠎ᠡ ᠤᠰᠤᠲᠥ᠋ᠷᠥᠭᠴᠢ ᠡᠨᠧᠷᠭᠢ ᠶᠢᠨ 5 ᠲᠦᠷᠦᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰᠤᠨ ᠲᠤᠭ᠎ᠠ ᠨᠢ 185 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ ᠃