ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠶ᠎ᠠ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
2023 5 ᠳ᠋ᠤᠭᠠᠷ ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠳᠤ ᠬᠦᠷᠴᠦ ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠡᠯᠭᠡᠨ ᠪᠣᠷᠣᠯᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠣᠷᠣᠯᠴᠠᠪᠠ ᠃
ᠶᠠᠩ ᠸᠧᠢ ᠳ᠋ᠦᠩ ᠬᠡᠯᠡᠬᠦ ᠳᠤ ᠪᠠᠨ ᠂ ᠨᠠᠷᠠᠲᠤ ᠲᠡᠮᠳᠡᠭ ᠤᠨ ᠪᠠᠶᠢᠭᠤᠯᠤᠯᠲᠠ ᠪᠠᠷ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ ᠂ ᠨᠠᠷᠠᠲᠤ ᠲᠡᠮᠳᠡᠭ ᠢ ᠨᠢᠭᠡᠳᠦᠯᠲᠡᠢ ᠪᠣᠯᠭᠠᠬᠤ ᠂ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ ᠂ ᠪᠣᠭᠤᠳᠠᠯ ᠢ ᠨᠢᠭᠡᠳᠦᠯᠲᠡᠢ ᠪᠣᠯᠭᠠᠬᠤ ᠂ ᠤᠬᠠᠭᠤᠯᠭ᠎ᠠ ᠶᠢ ᠨᠢᠭᠡᠳᠦᠯᠲᠡᠢ ᠪᠣᠯᠭᠠᠬᠤ ᠂ ᠡᠵᠡᠩᠨᠡᠯᠲᠠ ᠪᠣᠷᠣᠯᠠᠭᠤᠯᠭ᠎ᠠ ᠶᠢ ᠨᠢᠭᠡᠳᠦᠯᠲᠡᠢ ᠪᠣᠯᠭᠠᠬᠤ ᠲᠠᠯ᠎ᠠ ᠪᠠᠷ ᠭᠦᠢᠴᠡᠳ ᠬᠦᠴᠦ ᠣᠷᠣᠭᠤᠯᠵᠤ ᠂ ᠮᠠᠨ ᠤ ᠣᠷᠣᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ ᠪᠦᠬᠦ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠠᠵᠤ ᠠᠬᠤᠶᠢᠯᠠᠯ ᠤᠨ 《ᠪᠠᠭ᠎ᠠ ᠠᠴᠠ ᠬᠡᠪᠴᠢᠶᠡᠵᠢᠯ ᠲᠠᠶᠢᠰᠢ᠂ ᠬᠡᠪᠴᠢᠶᠡᠵᠢᠯ ᠠᠴᠠ ᠲᠣᠮᠣ ᠲᠠᠶᠢᠰᠢ᠂ ᠲᠣᠮᠣ ᠠᠴᠠ ᠬᠦᠴᠦᠷᠬᠡᠭ ᠲᠡᠶᠢᠰᠢ᠂ ᠬᠦᠴᠦᠷᠬᠡᠭ ᠠᠴᠠ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ》 ᠶᠢ ᠲᠡᠳᠬᠦᠨ ᠠᠬᠢᠭᠤᠯᠵᠤ ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠡᠢ ᠃