ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ ᠦᠷ᠎ᠡ ᠪᠦᠲᠦᠮᠵᠢ ᠣᠯᠬᠤ ᠶᠢ ᠢᠳᠡᠪᠬᠢᠲᠡᠢ ᠪᠠᠷ ᠠᠬᠢᠭᠤᠯᠵᠤ ᠪᠣᠢ
ᠣᠳᠣ ᠳᠤ ᠪᠣᠯᠲᠠᠯ᠎ᠠ᠂ ᠮᠠᠨ ᠤ ᠣᠷᠣᠨ ᠨᠢᠭᠡᠨᠲᠡ ᠳ᠋ᠠ ᠵᠥᠩ ᠠᠭᠤᠷᠬᠠᠢ ᠶᠢᠨ ᠦᠢᠯᠡᠰ᠂ ᠧᠦ ᠵᠢᠩ ᠰᠢᠨᠵᠢᠯᠡᠬᠦ ᠤᠬᠠᠭᠠᠨ ᠮᠡᠷᠭᠡᠵᠢᠯ᠂ ᠶᠠᠨ ᠬᠥ᠋ ᠹᠠᠩ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠵᠤ᠂ ᠥᠪᠥᠷ ᠮᠣᠩᠭᠤᠯ ᠤᠨ ᠳ᠋ᠠ ᠵᠥᠩ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠧᠦ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠵᠤ᠂ ᠥᠪᠥᠷ ᠮᠣᠩᠭᠤᠯ ᠤᠨ ᠶᠠᠨ ᠬᠥ᠋ ᠹᠠᠩ ᠪᠥᠬᠦ ᠠᠮᠤ ᠶᠢᠨ ᠢᠳᠡᠭᠡᠨ ᠢᠶᠠᠷ ᠰᠤᠪᠢᠯᠠᠬᠤ ᠡᠷᠡᠭᠦᠯ ᠮᠡᠨᠳᠦ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢ ᠠᠮᠧᠷᠢᠺᠠ ᠶᠢᠨ ᠨᠠᠰᠳᠠᠺ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ ᠪᠡᠶᠡᠯᠡᠭᠦᠯᠪᠡ᠃ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠬᠢᠨᠠᠨ ᠬᠠᠷᠭᠤᠭᠤᠯᠬᠤ ᠺᠣᠮᠢᠰ ᠢᠶᠠᠷ ᠬᠢᠨᠠᠨ ᠵᠥᠪᠯᠡᠭᠦᠯᠵᠦ᠂ ᠲᠠᠷᠬᠠᠭᠠᠬᠤ ᠨᠥᠬᠦᠴᠡᠯ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠨᠥᠬᠦᠴᠡᠯ ᠪᠠ ᠮᠡᠳᠡᠭᠡ ᠵᠠᠩᠭᠢ ᠨᠡᠶᠢᠲᠡᠯᠡᠬᠦ ᠱᠠᠭᠠᠷᠳᠠᠯᠭ᠎ᠠ ᠳᠤ ᠨᠡᠶᠢᠴᠡᠵᠦ᠂ ᠡᠮᠦᠨ᠎ᠡ ᠬᠠᠭᠠᠰ ᠵᠢᠯ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠬᠦ ᠪᠣᠯᠣᠮᠵᠢ ᠪᠣᠢ᠃
ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠳᠤ ᠣᠷᠣᠭᠤᠯᠬᠤ ᠶᠢ ᠱᠠᠲᠤ ᠱᠠᠲᠤ ᠪᠠᠷ ᠪᠣᠶᠢᠵᠢᠭᠤᠯᠵᠤ᠂《ᠬᠥᠷᠥᠩᠭᠡ ᠶᠢᠨ ᠬᠥᠳᠡᠯᠭᠡᠭᠦᠷ》 ᠤᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠲᠡᠳᠬᠦᠵᠡᠢ᠃ 《ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ 30 ᠵᠤᠷᠪᠤᠰ》 ᠲᠤ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠡᠰᠡᠭ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ 500 ᠲᠦᠮᠡᠨ ᠲᠥᠭᠦᠷᠢᠭ ᠤᠨ ᠱᠠᠩᠨᠠᠭᠰᠠᠨ ᠨᠥᠬᠦᠪᠦᠷᠢ ᠣᠯᠭᠤᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠣᠷᠢᠭᠵᠢᠭᠤᠯᠤᠨ ᠠᠬᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠵᠠᠢ᠃ 《ᠨᠢᠭᠡ ᠪᠦᠯᠦᠭ ᠢ ᠰᠢᠭᠰᠢᠨ ᠰᠣᠩᠭᠤᠬᠤ᠂ ᠨᠢᠭᠡ ᠪᠦᠯᠦᠭ ᠢ ᠪᠣᠶᠢᠵᠢᠭᠤᠯᠬᠤ᠂ ᠨᠢᠭᠡ ᠪᠦᠯᠦᠭ ᠢ ᠬᠠᠪᠰᠤᠷᠤᠨ ᠵᠢᠯᠤᠭᠤᠳᠬᠤ᠂ ᠨᠢᠭᠡ ᠪᠦᠯᠦᠭ ᠢ ᠮᠡᠳᠡᠭᠦᠯᠦᠨ ᠬᠢᠨᠠᠬᠤ᠂ ᠨᠢᠭᠡ ᠪᠦᠯᠦᠭ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ》ᠱᠠᠲᠤᠯᠠᠨ ᠠᠬᠢᠭᠤᠯᠬᠤ ᠰᠡᠳᠬᠢᠮᠵᠢ ᠶᠢᠨ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢ ᠪᠠᠶᠢᠩᠭᠤᠵᠢᠭᠤᠯᠤᠨ ᠮᠥᠷᠳᠡᠨ ᠪᠠᠶᠢᠴᠠᠭᠠᠬᠤ ᠪᠠ ᠰᠢᠭᠰᠢᠨ ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠲᠣᠪᠴᠢᠶ᠎ᠠ ᠳᠤ ᠬᠦᠷᠭᠡᠨ ᠬᠠᠮᠲᠤ ᠳᠤ ᠨᠢ ᠬᠦᠷᠲᠡᠭᠡᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠪᠡ᠃ ᠡᠭᠦᠨ ᠤ ᠬᠠᠮᠲᠤ᠂ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ 《ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠡᠰᠡᠭ》 ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠡᠰᠡᠭ ᠤᠨ ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠭᠰᠠᠨ ᠨᠥᠬᠦᠪᠦᠷᠢ ᠣᠯᠭᠤᠵᠤ᠂ ᠨᠡᠶᠢᠲᠡ 161 ᠠᠵᠤ ᠠᠬᠤᠶᠢᠯᠠᠯ ᠳᠤ 3220 ᠲᠦᠮᠡᠨ ᠲᠥᠭᠦᠷᠢᠭ ᠤᠨ ᠱᠠᠩᠨᠠᠭᠰᠠᠨ ᠨᠥᠬᠦᠪᠦᠷᠢ ᠣᠯᠭᠤᠪᠠ᠃