ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠰᠢᠰᠲ᠋ᠧᠮ ᠲᠠᠢ ᠲᠦᠯᠦᠪᠵᠢᠭᠦᠯᠬᠦ ᠬᠡᠷᠡᠭᠲᠡᠢ ᠬᠤᠸᠠᠩ ᡁᠢ ᠴᠢᠶᠠᠩ ᠣᠷᠳᠣᠰ ᠬᠤᠳᠠ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠪᠡ
2023 4 ᠳ᠋ᠦ᠋ᠭᠡᠷ ᠰᠠᠷ᠎ᠠ ᠶᠢᠨ 23 — 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠭᠤᠣᠯᠳᠠᠯᠭ᠎ᠠ ᠲᠠᠢ ᠪᠠᠷ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠣᠷᠳᠣᠰ ᠬᠤᠲᠠ᠂ ᠪᠠᠶᠠᠨᠨᠠᠭᠤᠷ ᠬᠤᠲᠠ ᠳᠤ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ᠃
ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠬᠦ ᠠᠷᠭ᠎ᠠ ᠬᠡᠯᠪᠡᠷᠢ ᠪᠠᠷ ᠳᠠᠮᠵᠢᠭᠤᠯᠤᠨ ᠂ ᠬᠤᠸᠠᠩ ᡁᠢ ᠴᠢᠶᠠᠩ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠦᠵᠡᠵᠦ ᠂ ᠴᠠᠬᠢᠯᠭᠠᠨ ᠭᠠᠷᠭᠠᠬᠤ ᠂ ᠴᠠᠬᠢᠯᠭᠠᠨ ᠬᠠᠩᠭᠠᠬᠤ ᠂ ᠴᠠᠬᠢᠯᠭᠠᠨ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠬᠤᠸᠠᠩ ᡁᠢ ᠴᠢᠶᠠᠩ ᠠᠵᠤ ᠠᠬᠤᠶᠢᠯᠠᠯ᠂ ᠬᠠᠮᠢᠶᠠᠷᠤᠯᠲᠠ ᠶᠢᠨ ᠵᠥᠪᠯᠡᠯ᠂ ᠲᠤᠰᠬᠠᠢ ᠮᠡᠷᠭᠡᠵᠢᠯᠲᠡᠳ ᠲᠠᠢ ᠶᠠᠷᠢᠯᠴᠠᠬᠤ ᠦᠶ᠎ᠡ ᠳᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠪᠣᠯ ᠨᠢᠭᠡ ᠵᠦᠢᠯ ᠤᠨ ᠥᠭᠡᠷᠡᠴᠢᠯᠡᠯᠲᠡ ᠰᠢᠨᠡᠴᠢᠯᠡᠯᠲᠡ ᠮᠥᠨ᠃ ᠣᠳᠣᠬᠠᠨ ᠳᠤ ᠂ ᠦᠵᠦ ᠲᠥᠯᠥᠪᠯᠡᠭᠡ ᠶᠢ ᠴᠢᠩᠭᠠᠳᠬᠠᠬᠤ ᠴᠢᠬᠤᠯᠠᠲᠠᠢ᠂ ᠬᠥᠭᠵᠢᠯᠲᠡ ᠶᠢᠨ ᠵᠠᠭᠪᠤᠷ ᠢ ᠲᠣᠳᠣᠷᠬᠠᠶᠢᠯᠠᠬᠤ ᠴᠢᠬᠤᠯᠠᠲᠠᠢ ᠂ ᠣᠨᠴᠠᠭᠠᠶᠢᠯᠠᠨ ᠴᠠᠬᠢᠯᠭᠠᠨ ᠭᠠᠷᠭᠠᠬᠤ ᠂ ᠴᠠᠬᠢᠯᠭᠠᠨ ᠬᠠᠩᠭᠠᠬᠤ ᠂ ᠴᠠᠬᠢᠯᠭᠠᠨ ᠪᠣᠷᠣᠯᠠᠭᠤᠯᠬᠤ ᠠᠰᠢᠭ ᠲᠤᠰᠠ ᠶᠢᠨ ᠡᠯ᠎ᠡ ᠭᠤᠣᠯ ᠴᠣᠭᠴᠠ ᠶᠢᠨ ᠬᠠᠷᠢᠴᠠᠭ᠎ᠠ ᠶᠢ ᠰᠢᠯᠤᠭᠤᠳᠬᠠᠬᠤ ᠴᠢᠬᠤᠯᠠᠲᠠᠢ ᠪᠠᠶᠢᠵᠤ ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠲᠤᠯᠭᠠᠭᠤᠷᠢᠯᠠᠬᠤ《ᠲᠦᠷᠪᠡᠨ ᠨᠢᠷᠤᠭᠤ ᠨᠠᠢᠮᠠᠨ ᠲᠤᠯᠭᠠᠭᠤᠷᠢ》 ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠦᠯᠦᠪᠯᠡᠵᠦ ᠂ ᠴᠠᠬᠢᠯᠭᠠᠨ ᠰᠣᠷᠪᠣᠯᠵᠢ᠂ ᠴᠠᠬᠢᠯᠭᠠᠨ ᠤ ᠲᠣᠣᠷ ᠂ ᠳᠠᠭᠠᠭᠠᠴᠠ ᠭᠤᠷᠪᠠᠨ ᠲᠠᠯ᠎ᠠ ᠶᠢᠨ 《ᠬᠠᠮᠲᠤ ᠪᠠᠷ ᠵᠥᠪᠳᠡᠯᠴᠡᠬᠦ ᠂ ᠬᠠᠮᠲᠤ ᠪᠠᠷ ᠪᠠᠶᠢᠭᠤᠯᠬᠤ ᠂ ᠬᠠᠮᠲᠤ ᠪᠠᠷ ᠬᠦᠷᠲᠡᠬᠦ》ᠬᠠᠷᠢᠯᠴᠠᠨ ᠠᠰᠢᠭᠲᠠᠢ ᠵᠠᠭᠪᠤᠷ ᠢ ᠰᠢᠨᠡᠴᠢᠯᠡᠨ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠬᠥᠭᠵᠢᠯᠲᠡ ᠶᠢᠨ ᠰᠢᠨ᠎ᠡ ᠵᠠᠮ ᠢ ᠲᠦᠷᠭᠡᠨ ᠨᠡᠭᠡᠭᠡᠬᠦ ᠬᠡᠷᠡᠭᠲᠡᠢ ᠭᠡᠵᠡᠢ᠃
ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠂ ᠬᠤᠸᠠᠩ ᡁᠢ ᠴᠢᠶᠠᠩ ᠪᠠᠰᠠ ᠬᠠᠳᠤᠨ ᠭᠤᠣᠯ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ ᠃