ᠵᠤᠬᠢᠶᠠᠭᠴᠢ:
ᠴᠠᠭ:2023-05-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠲᠥᠪ ᠤᠨ ᠡᠳ᠋ ᠤᠨ ᠵᠠᠰᠠᠭ ᠠᠴᠠ ᠥᠪᠥᠷ ᠮᠣᠩᠭᠤᠯ ᠤᠨ 2023 ᠣᠨ ᠤ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 55.07 ᠳ᠋ᠦᠩᠰᠢᠭᠤᠷ ᠲᠥᠭᠦᠷᠢᠭ ᠪᠠᠭᠤᠯᠭᠠᠵᠤ ᠪᠥᠬᠦ ᠣᠷᠣᠨ ᠤ 160 ᠭᠠᠷᠤᠢ ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ 7.99 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠲᠣᠰᠪᠠ᠂ ᠡᠭᠦᠨ ᠤ ᠳᠡᠭᠡᠷ᠎ᠡ ᠨᠢᠭᠡᠨᠲᠡ ᠤᠷᠢᠳᠴᠢᠯᠠᠨ ᠪᠠᠭᠤᠯᠭᠠᠭᠰᠠᠨ 47.08 ᠳ᠋ᠦᠩᠰᠢᠭᠤᠷ ᠲᠥᠭᠦᠷᠢᠭ ᠢ ᠨᠡᠮᠡᠪᠡᠯ᠂ 2023 ᠣᠨ ᠳᠤ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 55.07 ᠳ᠋ᠦᠩᠰᠢᠭᠤᠷ ᠲᠥᠭᠦᠷᠢᠭ ᠪᠠᠭᠤᠯᠭᠠᠵᠤ᠂ 2022 ᠣᠨ ᠤ ᠬᠢ ᠠᠴᠠ 2.75 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 5.25% ᠳᠤ ᠬᠦᠷᠴᠡᠢ︔ 2021 ᠣᠨ ᠤ ᠬᠢ ᠠᠴᠠ 8.13 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 17.3% ᠳᠤ ᠬᠦᠷᠪᠡ᠃
ᠲᠥᠪ ᠤᠨ ᠡᠳ᠋ ᠤᠨ ᠵᠠᠰᠠᠭ ᠠᠴᠠ ᠪᠡᠯᠡ ᠮᠥᠩᠭᠦ ᠶᠢ《ᠢᠯᠡᠭᠦᠦ ᠨᠥᠬᠦᠪᠦᠷᠢᠯᠡᠭᠰᠡᠨ》 ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢᠭᠲᠠ ᠬᠠᠮᠵᠢᠯᠴᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠠᠳᠬᠤᠵᠤ᠂ ᠪᠡᠯᠡ ᠮᠥᠩᠭᠦ ᠶᠢ 《ᠰᠠᠶᠢᠲᠤᠷ ᠬᠡᠷᠡᠭᠯᠡᠬᠦ》 ᠶᠢ ᠦᠨᠡᠨ ᠬᠦ ᠪᠠᠲᠤᠯᠠᠪᠠ ︱ ᠲᠥᠰᠥᠪ ᠤᠨ ᠭᠦᠢᠴᠡᠳᠬᠡᠯ ᠳᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠯ᠎ᠡ ᠠᠶᠢᠮᠠᠭ ᠬᠤᠲᠠ ᠳᠤ ᠴᠠᠭ ᠲᠤᠬᠠᠢ ᠳᠤ ᠨᠢ ᠰᠡᠵᠢᠭ ᠲᠠᠢ ᠮᠡᠳᠡᠭᠡ ᠵᠠᠩᠭᠢ ᠶᠢ ᠰᠡᠷᠡᠮᠵᠢᠯᠡᠭᠦᠯᠦᠨ ᠲᠠᠷᠬᠠᠭᠠᠵᠤ᠂ ᠲᠦᠷᠭᠡᠨ ᠰᠡᠷᠡᠮᠵᠢᠯᠡᠭᠦᠯᠬᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠪᠠᠷ ᠳᠠᠮᠵᠢᠭᠤᠯᠤᠨ ᠪᠡᠯᠡ ᠮᠥᠩᠭᠦ ᠶᠢᠨ 《ᠪᠦᠷᠢᠯᠭᠡᠨ ᠰᠦᠢᠳᠬᠡᠭᠳᠡᠬᠦ》 ᠶᠢ ᠴᠢᠷᠮᠠᠶᠢᠨ ᠰᠡᠷᠭᠡᠶᠢᠯᠡᠵᠦ᠂ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠡᠢ︔ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠵᠤ᠂ 《ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ》 ᠶᠢᠨ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠳᠣ ᠬᠤᠭᠤᠴᠠᠭ᠎ᠠ ᠪᠠᠷ ᠬᠤᠯᠪᠤᠭᠠᠯᠠᠵᠤ ᠬᠢᠨᠠᠨ ᠬᠠᠮᠢᠶᠠᠷᠬᠤ ᠵᠦᠢᠯᠡᠰ ᠲᠤ ᠵᠢᠭᠰᠠᠭᠠᠨ ᠣᠷᠣᠭᠤᠯᠵᠤ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠰᠬᠠᠢ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢᠨ 《ᠵᠠᠩᠭᠢᠯᠠᠭ᠎ᠠ》 ᠶᠢ ᠠᠳᠬᠤᠨ᠂ ᠪᠡᠯᠡ ᠮᠥᠩᠭᠦ ᠨᠢᠭᠡᠪᠦᠷᠢ ᠶᠢᠨ ᠪᠣᠳᠠᠲᠠᠢ ᠵᠠᠷᠤᠴᠠᠭᠤᠯᠤᠭᠰᠠᠨ ᠴᠠᠭ ᠤᠨ ᠴᠡᠭ ᠶᠢᠨ ᠲᠠᠯ᠎ᠠ ᠪᠠᠷ᠂ ᠪᠡᠯᠡ ᠮᠥᠩᠭᠦᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠴᠠ ᠦᠷ᠎ᠡ ᠠᠰᠢᠭ ᠣᠯᠣᠭᠰᠠᠨ ᠪᠠᠶᠢᠨ᠎ᠠ᠃ 2023 ᠣᠨ ᠳᠤ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠤᠷᠢᠳᠴᠢᠯᠠᠨ 47.08 ᠳ᠋ᠦᠩᠰᠢᠭᠤᠷ ᠲᠥᠭᠦᠷᠢᠭ ᠪᠠᠭᠤᠯᠭᠠᠨ᠂ 5 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ ᠨᠢᠭᠡᠨᠲᠡ 41% ᠶᠢ ᠬᠡᠷᠡᠭᠯᠡᠭᠡᠳ ᠂ ᠰᠢᠭᠤᠳ ᠪᠠᠭᠤᠯᠭᠠᠭᠰᠠᠨ ᠪᠥᠬᠦ ᠪᠡᠯᠡ ᠮᠥᠩᠭᠦ ᠶᠢᠨ ᠳᠣᠲᠣᠷᠠᠬᠢ ᠵᠠᠷᠤᠯᠭ᠎ᠠ ᠶᠢᠨ ᠠᠬᠢᠴᠠ ᠨᠢ ᠡᠮᠦᠨᠡᠭᠦᠷ ᠵᠢᠭᠰᠠᠭᠠᠭᠳᠠᠪᠠ᠃
ᠪᠡᠯᠡ ᠮᠥᠩᠭᠦ ᠶᠢ 《ᠲᠦᠷᠭᠡᠨ ᠪᠥᠭᠡᠳ ᠰᠢᠭᠤᠳ ᠪᠠᠭᠤᠯᠭᠠᠬᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ》ᠬᠡᠷᠡᠭᠯᠡᠯᠲᠡ ᠶᠢᠨ ᠵᠠᠷᠴᠢᠮ ᠶᠣᠰᠣᠭᠠᠷ᠂ ᠮᠠᠨ ᠤ ᠣᠷᠣᠨ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠳᠤ ᠪᠠᠨ᠂ ᠪᠡᠯᠡ ᠮᠥᠩᠭᠦᠨ ᠤ ᠵᠠᠷᠤᠯᠭ᠎ᠠ ᠶᠢᠨ ᠴᠠᠭ ᠲᠤᠬᠠᠢ ᠶᠢᠨ ᠴᠢᠨᠠᠷ ᠢ ᠭᠤᠣᠯᠳᠠᠯᠭ᠎ᠠ ᠲᠠᠢ ᠠᠩᠬᠠᠷᠴᠤ᠂ ᠡᠳ᠋ ᠤᠨ ᠵᠠᠰᠠᠭ ᠤᠨ ᠪᠡᠯᠡ ᠮᠥᠩᠭᠦ ᠶᠢ 《ᠲᠦᠷᠭᠡᠨ ᠰᠢᠭ》ᠲᠠᠷᠬᠠᠭᠠᠬᠤ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠢ ᠮᠥᠩᠭᠦ ᠪᠠᠷ 《ᠡᠯᠪᠡᠭ ᠰᠢᠭ》 ᠪᠣᠯᠭᠠᠵᠤ᠂ ᠵᠣᠯ ᠵᠢᠷᠭᠠᠯᠲᠤ ᠲᠥᠷᠥᠭᠳᠡᠯ ᠢ 《ᠢᠯᠡᠭᠦᠬᠡᠨ》ᠪᠠᠶᠢᠯᠭᠠᠬᠤ ᠪᠠᠷ ᠴᠢᠷᠮᠠᠶᠢᠵᠠᠢ᠃ ᠰᠢᠨ᠎ᠡ ᠵᠢᠯ᠂ ᠴᠠᠭᠠᠨ ᠰᠠᠷ᠎ᠠ ᠵᠡᠷᠭᠡ ᠵᠠᠩᠭᠢᠯᠠᠭ᠎ᠠ ᠶᠢᠨ ᠬᠤᠭᠤᠴᠠᠭᠠᠨ ᠳᠤ᠂ 《ᠬᠠᠯᠠᠮᠵᠢ ᠶᠢᠨ ᠵᠣᠭᠤᠰ》 ᠢ ᠡᠷᠲᠡᠬᠡᠨ ᠬᠦᠴᠢᠷᠳᠡᠯᠲᠡᠢ ᠣᠯᠠᠨ ᠲᠦᠮᠡᠨ ᠳᠤ ᠰᠢᠭᠤᠳ ᠬᠦᠷᠭᠡᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠥᠮᠥᠷᠭᠡ ᠶᠢᠨ ᠵᠣᠭᠤᠰ ᠢ ᠲᠤᠰᠬᠠᠢ ᠲᠣᠬᠢᠷᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠤᠯᠪᠤᠭᠠᠯᠠᠵᠤ ᠪᠠᠶᠢᠭᠠᠳ ᠪᠡᠯᠡ ᠮᠥᠩᠭᠦ ᠲᠠᠷᠬᠠᠭᠠᠬᠤ ᠡᠳᠦᠷ ᠤᠨ ᠮᠡᠳᠡᠭᠦᠯᠦᠯᠲᠡ᠂ ᠡᠷᠦᠬᠡ ᠶᠢᠨ ᠬᠢᠨᠠᠨ ᠰᠢᠨᠵᠢᠯᠡᠯᠲᠡ ᠶᠢᠨ ᠳᠦᠷᠢᠮ ᠢ ᠪᠠᠶᠢᠭᠤᠯᠤᠨ᠂ ᠪᠡᠯᠡ ᠮᠥᠩᠭᠦ ᠶᠢ ᠺᠠᠷᠲ ᠪᠠ ᠡᠷᠦᠬᠡ ᠳᠤ ᠴᠠᠭ ᠲᠤᠬᠠᠢ ᠳᠤ ᠨᠢ ᠣᠯᠭᠤᠭᠰᠠᠨ ᠦᠭᠡᠢ ᠭᠠᠵᠠᠷ ᠣᠷᠣᠨ ᠢ ᠳᠠᠷᠤᠶᠢᠬᠠᠨ ᠵᠠᠷᠯᠠᠨ ᠰᠢᠮᠳᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠷᠠᠳ ᠤᠨ ᠵᠣᠪᠠᠨᠢᠯ ᠢ ᠠᠷᠢᠯᠭᠠᠬᠤ ᠪᠣᠳᠠᠲᠤ ᠶᠠᠪᠤᠳᠠᠯ ᠢ ᠡᠷᠲᠡᠬᠡᠨ ᠰᠠᠶᠢᠲᠤᠷ ᠬᠢᠬᠦ ᠶᠢ ᠦᠨᠡᠨ ᠬᠦ ᠪᠠᠲᠤᠯᠠᠵᠠᠢ᠃
ᠤᠯᠠᠨ ᠵᠦᠢᠯ ᠤᠨ ᠠᠷᠭ᠎ᠠ ᠬᠡᠮᠵᠢᠶ᠎ᠡ ᠶᠢᠨ ᠬᠦᠴᠦᠲᠡᠢ ᠳᠡᠮᠵᠢᠯᠭᠡ ᠳᠣᠣᠷ᠎ᠠ᠂ ᠮᠠᠨ ᠤ ᠣᠷᠣᠨ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠵᠤ᠂ 2023 ᠣᠨ ᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠪᠠᠷ ᠪᠦᠬᠦ ᠣᠷᠣᠨ ᠤ 160 ᠭᠠᠷᠤᠢ ᠲᠦᠮᠡᠨ ᠬᠦᠴᠢᠷᠳᠡᠯᠲᠡᠢ ᠤᠯᠠᠨ ᠲᠦᠮᠡᠨ ᠳᠤ ᠠᠰᠢᠭ ᠬᠦᠷᠲᠡᠭᠡᠵᠡᠢ᠃ ᠡᠭᠦᠨ ᠳᠤ᠂ 30 ᠭᠠᠷᠤᠢ ᠲᠦᠮᠡᠨ ᠨᠢᠭᠡ ᠬᠤᠶᠠᠳᠤᠭᠠᠷ ᠳᠡᠰ ᠤᠨ ᠬᠦᠨᠳᠦ ᠵᠡᠮᠳᠡᠭᠴᠦᠳ᠂ 80 ᠨᠠᠰᠤᠨ ᠠᠴᠠ ᠳᠡᠭᠡᠭᠰᠢᠬᠢ 16 ᠲᠦᠮᠡᠨ ᠥᠨᠳᠥᠷ ᠨᠠᠰᠤᠲᠠᠢ ᠂ ᠬᠤᠲᠠ ᠬᠥᠳᠡᠭᠡ ᠶᠢᠨ 10 ᠲᠦᠮᠡᠨ ᠣᠨᠴᠠ ᠬᠦᠴᠢᠷᠳᠡᠯ ᠲᠠᠢ ᠬᠥᠮᠥᠨ᠂ 6000 ᠭᠠᠷᠤᠢ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠭᠲᠠᠭᠠᠨ᠎ᠠ᠃