ᠵᠤᠬᠢᠶᠠᠭᠴᠢ: ᠴᠠᠭ:2023-05-26 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ   ᠰᠦᠨ ᠱᠤᠤ ᠴᠧᠩ ᠬᠤᠷᠠᠯ ᠢ ᠡᠷᠭᠢᠯᠡᠵᠡᠢ

 

2023  5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠂ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂  ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃

ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠦᠢᠯᠡᠴᠢᠯᠡᠬᠦ ᠪᠠ ᠠᠭᠤᠰᠤᠯᠴᠠᠬᠤ ᠭᠠᠷᠳᠠᠬᠤ ᠴᠡᠭ ᠪᠣᠯᠣᠨ ᠬᠦᠴᠦᠯᠡᠬᠦ ᠴᠡᠭ ᠢ ᠣᠨᠣᠪᠴᠢᠲᠠᠢ ᠣᠯᠵᠤ ᠂ 《ᠠᠭᠤᠰᠤᠯᠴᠠᠨ ᠣᠷᠣᠬᠤ》ᠪᠠ 《ᠣᠷᠣᠭᠤᠯᠤᠨ ᠠᠪᠴᠢᠷᠠᠬᠤ》ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠦᠵᠡᠯ ᠰᠠᠨᠠᠭ᠎ᠠ ᠪᠠᠨ ᠴᠢᠯᠦᠭᠡᠯᠡᠵᠦ ᠂ ᠬᠡᠷᠬᠢᠨ ᠨᠡᠩ ᠤᠯᠠᠨ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠣᠷᠤᠯᠴᠠᠬᠤ ᠶᠢ ᠭᠦᠨᠵᠡᠭᠡᠢ ᠰᠤᠳᠤᠯᠵᠤ ᠂ 《ᠪᠣᠬᠢᠷᠳᠤᠯ ᠦᠭᠡᠢ ᠴᠠᠭᠢᠯᠭᠠᠨ 》 ᠪᠠ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠶᠢᠨ ᠪᠡᠭᠡᠵᠢᠩ ᠲᠢᠶᠠᠨᠵᠢᠨ ᠾᠧᠪᠧᠢ ᠶᠢᠨ ᠲᠣᠮᠣ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠠᠬᠢᠭᠤᠯᠵᠤ ᠂ ᠠᠵᠤ ᠦᠢᠯᠡᠰ ᠤᠨ ᠰᠢᠯᠵᠢᠯᠲᠡ ᠲᠠᠢ ᠢᠳᠡᠪᠬᠢᠲᠡᠢ ᠵᠣᠯᠭᠠᠭᠤᠯᠵᠤ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠮᠡᠷᠭᠡᠵᠢᠯ ᠂ ᠡᠮ ᠡᠮᠨᠡᠯᠭᠡ ᠵᠡᠷᠭᠡ ᠬᠦᠷᠢᠶᠡᠨ ᠳᠠᠬᠢ ᠣᠷᠣᠨ ᠪᠦᠰᠡ ᠶᠢᠨ ᠬᠠᠮᠵᠢᠯᠴᠠᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠨᠡᠩ ᠰᠠᠶᠢᠲᠤᠷ ᠶᠡᠭᠡ ᠲᠠᠯ᠎ᠠ ᠳᠤ ᠦᠢᠯᠡᠴᠢᠯᠡᠵᠦ ᠂ ᠬᠦᠴᠦᠨ ᠢ ᠠᠰᠢᠭᠯᠠᠨ ᠬᠥᠭᠵᠢᠬᠦ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤ ᠦᠶ᠎ᠡ ᠶᠢᠨ ᠠᠵᠤ ᠦᠢᠯᠡᠰ ᠤᠨ ᠰᠢᠰᠲᠸ᠋ᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠂ ᠶᠡᠭᠡ ᠬᠦᠴᠦ ᠣᠷᠣᠭᠤᠯᠵᠤ ᠪᠠᠶᠢᠭᠠᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠬᠤᠪᠣᠷ ᠰᠢᠷᠣᠢ ᠂ ᠡᠨᠧᠷᠭᠢ ᠨᠥᠭᠡᠴᠡᠯᠡᠬᠦ ᠵᠡᠷᠭᠡ ᠬᠦᠷᠢᠶᠡᠨ ᠳᠠᠬᠢ 《ᠪᠣᠭᠤᠮᠢ》ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ 《ᠭᠠᠵᠠᠷ ᠂ ᠦᠷ᠎ᠡ ᠂ ᠤᠰᠤ 》 ᠶᠢᠨ ᠠᠵᠢᠯ ᠢ ᠰᠠᠶᠢᠲᠤᠷ ᠬᠢᠵᠦ ᠂ ᠨᠢᠭᠤᠭᠳᠠᠮᠠᠯ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠢ ᠠᠭᠤᠳᠠᠯᠬᠤ ᠂ ᠭᠠᠵᠠᠷ ᠰᠢᠷᠣᠢ ᠶᠢ ᠠᠷᠪᠢᠯᠠᠨ ᠬᠡᠷᠡᠭᠯᠡᠬᠦ ᠪᠠ ᠭᠠᠵᠠᠷ ᠤᠨ ᠬᠦᠴᠦᠨ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠵᠤ ᠂ ᠰᠠᠶᠢᠨ ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠠᠷᠭ᠎ᠠ ᠪᠦᠭᠦᠨ ᠢ ᠰᠦᠪᠡᠭᠴᠢᠯᠡᠨ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠬᠤᠰᠢᠭᠤ ᠰᠢᠶᠠᠨ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠵᠤ ᠂ ᠲᠠᠷᠢᠶᠠᠯᠠᠬᠤ ᠣᠷᠣᠨ ᠂ ᠮᠠᠯᠵᠢᠬᠤ ᠣᠷᠣᠨ ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠣᠨᠴᠠᠯᠢᠭ ᠲᠤ ᠴᠢᠭᠯᠡᠭᠦᠯᠦᠨ ᠂ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠲᠠᠢ ᠤᠶᠠᠯᠳᠤᠭᠤᠯᠤᠨ ᠠᠳᠠᠯᠢ ᠪᠤᠰᠤ ᠲᠥᠷᠥᠯ ᠭᠡᠯᠪᠡᠷᠢ ᠶᠢᠨ ᠣᠷᠣᠨ ᠪᠦᠰᠡ ᠶᠢᠨ ᠬᠥᠭᠵᠢᠯᠲᠡ ᠶᠢᠨ ᠵᠠᠭᠪᠤᠷ ᠢ ᠭᠦᠨᠵᠡᠭᠡᠢ ᠰᠤᠳᠤᠯᠬᠤ ᠬᠡᠷᠡᠭᠲᠡᠢ ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ《ᠭᠠᠷ ᠳᠠᠮᠵᠢᠭᠰᠠᠨ ᠴᠦ ᠠᠰᠢᠭ ᠨᠢ ᠦᠯᠡᠳᠡᠬᠦ ᠦᠭᠡᠢ 》ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ 《ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ》ᠳᠤᠮᠳᠠ ᠤᠯᠤᠰ ᠲᠦᠷᠦ ᠶᠢᠨ ᠴᠢᠳᠠᠪᠤᠷᠢ ᠂ ᠰᠡᠳᠬᠢᠬᠦ ᠴᠢᠳᠠᠪᠤᠷᠢ ᠂ ᠦᠢᠯᠡᠳᠦᠯᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ ᠂ ᠪᠣᠳᠠᠲᠠᠢ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ ᠂ ᠠᠷᠠᠳ ᠤᠯᠠᠨ ᠳᠤ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠠᠷᠢᠶ᠎ᠠ ᠲᠠᠢ ᠠᠯᠤᠰ ᠳᠠᠯᠠᠢ ᠶᠢᠨ ᠵᠢᠭᠠᠰᠤᠨ ᠣᠩᠭᠤᠴᠠ ᠡᠨᠡᠳᠬᠡᠭ ᠳᠠᠯᠠᠢ ᠶᠢᠨ ᠳᠤᠮᠳᠠ ᠬᠡᠰᠡᠭ ᠤᠨ ᠳᠠᠯᠠᠢ ᠶᠢᠨ ᠣᠷᠣᠨ ᠳᠤ ᠬᠥᠷᠪᠡᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂   ᠦᠢᠯᠡᠳᠪᠦᠷᠢᠯᠡᠯ ᠭᠡᠬᠦ ᠡᠨᠡ ᠬᠦ ᠰᠢᠵᠢᠮ ᠢ ᠢᠮᠠᠭᠲᠠ ᠴᠢᠩᠭᠠᠯᠠᠵᠤ ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠂ ᠶᠡᠭᠡ ᠪᠠᠷ ᠴᠡᠭᠴᠡᠯᠡᠨ ᠵᠠᠰᠠᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ︵ᠪᠡᠭᠡᠵᠢᠩ︶ ᠳᠤ ᠰᠤᠷᠤᠯᠴᠠᠵᠥ ᠪᠠᠶᠢᠭ᠎ᠠ ᠳᠤᠮᠳᠠ ᠠᠽᠢᠶ᠎ᠠ ᠶᠢᠨ ᠰᠤᠷᠤᠬᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠥᠷᠭᠡᠨ ᠣᠯᠠᠨ ᠰᠤᠷᠤᠬᠴᠢᠳ ᠢ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠤᠬᠠᠭᠤᠯᠭ᠎ᠠ ᠶᠢ ᠠᠬᠢᠭᠤᠯᠬᠤ ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠠᠬᠢᠭᠤᠯᠬᠤ ᠳᠤᠮᠳᠠᠬᠢ ᠬᠥᠭᠦᠷᠭᠡ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ 《ᠦᠨᠡᠨ》ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ 《ᠬᠤᠷᠢᠳᠤᠭᠠᠷ ᠬᠤᠭᠤᠴᠠᠭᠠᠨ ᠤ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ》 ᠶᠢ ᠤᠯᠠᠮᠵᠢᠯᠠᠨ ᠰᠤᠷᠤᠯᠴᠠᠵᠦ ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠦ ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠦᠴᠢᠷᠳᠡᠯ ᠠᠰᠠᠭᠤᠳᠠᠯ ᠢ ᠴᠢᠩᠭ᠎ᠠ ᠠᠩᠬᠠᠷᠴᠤ ᠂ ᠰᠤᠷᠤᠯᠴᠠᠬᠤ ᠶᠢᠨ ᠳᠠᠭᠠᠤ ᠰᠡᠳᠬᠢᠵᠦ ᠂ ᠦᠢᠯᠡᠳᠦᠯᠭᠡᠵᠢᠭᠦᠯᠬᠦ ᠶᠢᠨ ᠳᠠᠭᠠᠤ ᠣᠶᠢᠯᠠᠭᠠᠵᠤ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠰᠠᠶᠢᠲᠤᠷ ᠬᠢᠬᠦ ᠰᠡᠳᠬᠢᠴᠡ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ ᠥᠪᠡᠷᠲᠡᠭᠡᠨ ᠵᠠᠰᠠᠬᠤ ᠣᠷᠣᠨ ᠤ 《ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ》᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

 

 


   :                    
   :           
备案序号:蒙ICP备05003250号 公安备案15010502000173