ᠵᠤᠬᠢᠶᠠᠭᠴᠢ:
ᠴᠠᠭ:2023-06-02
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ 《ᠦᠨᠡᠨ 》 ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ 》 ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃
ᠵᠣᠬᠢᠶᠠᠯ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠄ 《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ 》ᠭᠡᠵᠦ ᠲᠣᠳᠣᠷᠬᠠᠢ ᠵᠢᠭᠠᠵᠤ ᠭᠠᠷᠭᠠᠪᠠ ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢ ᠴᠢᠨᠠᠷ ᠢ ᠲᠣᠭᠲᠠᠭᠠᠭᠰᠠᠨ ᠦᠭᠡ ᠮᠥᠨ ᠂ ᠶᠡᠷᠦᠩᠬᠡᠢ ᠳᠤᠨᠢ ᠬᠠᠮᠢᠶᠠᠷᠴᠤ ᠂ ᠦᠨᠳᠦᠰᠦᠨ ᠵᠦᠢᠯ ᠢ ᠬᠠᠮᠢᠶᠠᠷᠴᠤ ᠪᠠᠶᠢᠳᠠᠭ ᠃ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ ᠂ ᠢᠷᠡᠭᠡᠳᠦᠢ ᠬᠤᠪᠢ ᠵᠠᠶᠠᠭ᠎ᠠ ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ ᠭᠡᠵᠦ ᠴᠢᠬᠤᠯᠠᠴᠢᠯᠠᠪᠠ ᠃
ᠵᠣᠬᠢᠶᠠᠯ ᠳᠤ ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠰᠢᠨᠵᠢ ᠴᠢᠨᠠᠷ ᠢ ᠲᠣᠭᠲᠠᠭᠠᠨ᠎ᠠ ᠃ ᠨᠠᠮ ᠤᠨ ᠰᠢᠨᠵᠢ ᠴᠢᠨᠠᠷ ᠵᠣᠷᠢᠯᠲᠠ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠂ ᠢᠲᠡᠭᠡᠯ ᠪᠢᠰᠢᠷᠡᠯ ᠢᠲᠡᠭᠡᠯ ᠬᠦᠰᠡᠯ ᠂ ᠲᠦᠷᠦ ᠶᠢᠨ ᠪᠣᠳᠣᠯᠭ᠎ᠠ ᠶᠢᠨ ᠵᠣᠷᠢᠯᠲᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠤᠯᠬᠤ ᠠᠴᠠ ᠪᠢᠰᠢ ᠂ ᠬᠠᠷᠢᠨ ᠪᠤᠰᠤᠳ ᠶᠠᠮᠠᠷ ᠨᠢᠭᠡᠨ ᠣᠳᠣᠬᠢᠴᠢᠯᠠᠯᠲᠠ ᠪᠢᠰᠢ ᠭᠡᠳᠡᠭ ᠢ ᠲᠣᠭᠲᠠᠭᠠᠪᠠ ᠃ ᠮᠠᠨ ᠤ ᠨᠠᠮ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠵᠠᠮ ᠢᠶᠠᠷ ᠤᠷᠤᠭᠰᠢᠲᠠᠢ ᠤᠷᠤᠭᠰᠢᠯᠠᠬᠤ ᠶᠢ ᠦᠨᠡᠨ ᠬᠦ ᠪᠠᠲᠤᠯᠠᠪᠠ ᠃ ᠮᠠᠨ ᠤ ᠨᠠᠮ ᠮᠠᠷᠺᠰ ᠤᠨ ᠦᠵᠡᠯ ᠢ ᠦᠨᠳᠦᠰᠦᠨ ᠵᠢᠯᠤᠭᠤᠳᠬᠤ ᠦᠵᠡᠯ ᠰᠠᠨᠠᠭ᠎ᠠ ᠪᠤᠯᠭᠠᠬᠤ ᠶᠢ ᠪᠠᠷᠢᠮᠲᠠᠯᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠳᠠ ᠦᠭᠡᠢ ᠨᠡᠭᠡᠭᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠪᠠ ᠃ ᠮᠠᠨ ᠤ ᠨᠠᠮ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠤᠷᠤᠭᠰᠢᠯᠠᠬᠤ ᠳᠤ ᠪᠠᠲᠤ ᠴᠢᠩᠭ᠎ᠠ ᠳᠦᠷᠢᠮ ᠤᠨ ᠪᠠᠲᠤᠯᠠᠭ᠎ᠠ ᠬᠠᠩᠭᠠᠪᠠ ᠃ ᠮᠠᠨ ᠤ ᠨᠠᠮ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠢ ᠪᠠᠷᠢᠮᠲᠠᠯᠠᠨ ᠬᠥᠭᠵᠢᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠤᠶᠤᠨ ᠤ ᠬᠦᠴᠦᠨ ᠢ ᠬᠠᠩᠭᠠᠭᠰᠠᠨ ᠶᠤᠮ ᠃ ᠭᠠᠭᠴᠠ ᠬᠦ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠪᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠭᠡᠭᠡᠨ ᠰᠠᠷᠠᠭᠤᠯ ᠢᠷᠡᠭᠡᠳᠦᠢ ᠲᠠᠢ ᠪᠣᠯᠵᠤ ᠂ ᠴᠡᠴᠡᠭᠯᠡᠨ ᠬᠥᠭᠵᠢᠵᠦ ᠴᠢᠳᠠᠨ᠎ᠠ ︔ ᠡᠰᠡ ᠲᠡᠭᠡᠪᠡᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠠᠶᠠᠯᠠᠯ ᠤᠨ ᠴᠢᠭᠯᠡᠯ ᠠᠴᠠ ᠪᠠᠨ ᠰᠠᠯᠵᠤ ᠂ ᠰᠦᠭ ᠰᠦᠨᠡᠰᠦ ᠪᠠᠨ ᠠᠯᠳᠠᠵᠤ ᠂ ᠴᠢᠨᠠᠭᠰᠢᠯᠠᠪᠠᠯ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠴᠡᠬᠦ ᠬᠠᠷᠠᠯᠲᠠ ᠶᠢ ᠣᠨᠢᠯᠠᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠪᠠ ᠃ ᠮᠠᠨ ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠭ ᠰᠢᠭᠤᠳᠤᠨ ᠂ ᠠᠯᠤᠰ ᠭᠡᠲᠦ ᠶᠢᠨ ᠬᠦᠰᠡᠯᠡᠩ ᠪᠣᠯᠣᠨ ᠱᠠᠲᠦ ᠦᠶ᠎ᠡ ᠶᠢᠨ ᠴᠢᠨᠠᠷᠲᠠᠢ ᠬᠠᠷᠠᠯᠲᠠ ᠶᠢ ᠨᠢᠭᠡᠳᠬᠡᠵᠦ ᠂ ᠦᠷᠭᠦᠯᠵᠢᠯᠡᠨ ᠲᠡᠮᠡᠴᠡᠵᠦ ᠂ ᠰᠢᠷᠭᠠᠭᠤ ᠬᠠᠲᠠᠭᠤᠵᠢᠯᠲᠠᠢ ᠲᠡᠮᠡᠴᠡᠵᠦ ᠂ ᠴᠥᠬᠦᠷᠡᠰᠢ ᠦᠭᠡᠢ ᠲᠡᠮᠡᠴᠡᠬᠦ ᠶᠢ ᠪᠠᠷᠢᠮᠲᠠᠯᠠᠪᠠ ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠮᠠᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠪᠣᠯ ᠴᠥᠮ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ ᠂ ᠢᠮᠠᠭᠲᠠ ᠬᠤᠪᠢᠷᠠᠰᠢ ᠦᠭᠡᠢ ᠪᠥᠭᠡᠳ ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠪᠠᠶᠠᠯᠢᠭᠵᠢᠨ ᠲᠡᠭᠦᠯᠳᠡᠷᠵᠢᠭᠰᠡᠨ ᠶᠤᠮ ᠃ ᠨᠠᠮ ᠤᠨ ᠬᠤᠷᠢᠳᠤᠭᠠᠷ ᠶᠡᠭᠡ ᠬᠤᠷᠠᠯ ᠠᠴᠠ 2035 ᠣᠨ ᠪᠤᠯᠲᠠᠯᠠᠭᠢ ᠮᠠᠨ ᠤ ᠤᠯᠤᠰ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠶᠢ ᠨᠡᠩ ᠲᠣᠳᠣᠷᠬᠠᠢ ᠵᠢᠷᠤᠭᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠰᠢᠨᠵᠢᠯᠡᠬᠦ ᠤᠬᠠᠭᠠᠨᠴᠢ ᠪᠠᠷ ᠵᠢᠷᠤᠭᠯᠠᠪᠠ ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠪᠣᠯ ᠮᠠᠨ ᠤ ᠨᠠᠮ ᠤᠨ ᠢᠮᠠᠭᠲᠠ ᠬᠤᠪᠢᠷᠠᠰᠢ ᠦᠭᠡᠢ ᠲᠡᠮᠡᠴᠡᠯ ᠤᠨ ᠬᠠᠷᠠᠯᠲᠠ ᠮᠥᠨ ᠂ ᠡᠭᠦᠨ ᠢ ᠨᠢᠭᠡ ᠦᠶ᠎ᠡ ᠨᠢᠭᠡ ᠦᠶ᠎ᠡ ᠪᠠᠷ ᠪᠤᠤᠬᠢᠶ᠎ᠠ ᠵᠠᠯᠭᠠᠨ ᠠᠬᠢᠭᠤᠯᠤᠭᠰᠠᠨ ᠪᠥᠭᠡᠳ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠂ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠲᠠᠰᠤᠷᠠᠯᠳᠠ ᠦᠭᠡᠢ ᠣᠯᠣᠭᠰᠠᠨ ᠶᠤᠮ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠪᠡ ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ ᠂ ᠪᠠᠰᠠ ᠴᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ ᠃ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ ᠮᠠᠨ ᠤ ᠨᠠᠮ ᠡᠯ᠎ᠡ ᠬᠦᠷᠢᠶᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ ᠂ ᠣᠳᠣ ᠦᠶ᠎ᠡ ᠶᠢᠨ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠭᠤᠯᠤᠯ ᠲᠣᠭᠲᠠᠴᠠ ᠶᠢ ᠪᠦᠷᠢᠯᠳᠦᠭᠦᠯᠦᠨ ᠬᠥᠭᠵᠢᠭᠦᠯᠦᠭᠰᠡᠨ ᠪᠠᠶᠢᠨ᠎ᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠨᠠᠮ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠡᠪᠳᠡᠵᠦ ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠡᠪᠳᠡᠵᠦ ᠂ ᠡᠯ᠎ᠡ ᠲᠠᠯ᠎ᠠ ᠶᠢᠨ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ ᠂ ᠥᠭᠡᠷᠡᠴᠢᠯᠡᠯᠲᠡ ᠨᠢ ᠬᠡᠰᠡᠭ ᠲᠠᠯ᠎ᠠ ᠶᠢᠨ ᠰᠦᠪᠡᠭᠴᠢᠯᠡᠯᠲᠡ ᠂ ᠲᠠᠶᠢᠨ ᠵᠠᠷᠯᠠᠨ ᠪᠦᠰᠡᠯᠡᠯᠲᠡ ᠶᠢ ᠰᠢᠪᠲᠤᠯᠤᠭᠰᠠᠨ ᠠᠴᠠ ᠠᠪᠤᠭᠠᠳ ᠰᠢᠰᠲ᠋ᠧᠮ ᠤᠨ ᠬᠤᠷᠠᠮᠠᠯ ᠂ ᠪᠦᠭᠦ ᠲᠠᠯ᠎ᠠ ᠪᠠᠷ ᠭᠦᠨᠵᠡᠭᠡᠶᠢᠷᠡᠬᠦ ᠭᠦᠷᠳᠡᠯ᠎ᠡ ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ ᠂ ᠰᠢᠰᠲ᠋ᠧᠮᠲᠦ ᠴᠢᠨᠠᠷᠲᠠᠢ ᠲᠠᠭᠢᠨ ᠴᠣᠭᠴᠠᠯᠠᠯᠲᠠ ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠴᠣᠭᠴᠠᠯᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠳᠠᠷᠡᠰᠢ ᠦᠭᠡᠢ ᠬᠥᠳᠡᠯᠭᠡᠬᠦ ᠬᠦᠴᠦᠨ ᠤ ᠡᠬᠢ ᠪᠤᠯᠠᠭ ᠢ ᠬᠠᠩᠭᠠᠪᠠ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠶᠡᠭᠡ ᠬᠦᠴᠦᠨ ᠢ ᠨᠢᠭᠲᠠᠷᠠᠭᠤᠯᠪᠠ ᠃ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ ᠤ ᠥᠪᠡᠷ ᠤᠨ ᠬᠢᠨᠢ ᠠᠵᠢᠯ ᠦᠢᠯᠡᠰ ᠮᠥᠨ ᠂ ᠠᠷᠠᠳ ᠲᠦᠮᠡᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠴᠣᠭᠴᠠ ᠮᠥᠨ ᠂ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠨ ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ ᠂ ᠪᠦᠭᠦ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠲᠥᠪᠯᠡᠷᠡᠭᠦᠯᠪᠡᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠲᠠᠰᠤᠷᠠᠯᠲᠠ ᠦᠭᠡᠢ ᠤᠷᠤᠭᠰᠢ ᠬᠥᠭᠵᠢᠭᠦᠯᠵᠦ ᠴᠢᠳᠠᠨ᠎ᠠ ᠭᠡᠳᠡᠭ ᠢ ᠭᠦᠨᠵᠡᠭᠡᠢ ᠲᠠᠨᠢᠵᠤ ᠣᠯᠪᠠ ᠃ ᠪᠢᠳᠡ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠵᠤ ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠨᠢ ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠢ ᠣᠯᠬᠤ ᠪᠠᠷ ᠴᠢᠷᠮᠠᠶᠢᠪᠠ ᠃ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠤᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠭᠦ ᠠᠷᠠᠳ ᠲᠦᠮᠡᠨ ᠳᠤ ᠬᠦᠷᠲᠡᠭᠡᠪᠡ ᠃ ᠮᠠᠨ ᠤ ᠨᠠᠮ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ ᠭᠡᠯᠪᠡᠷᠢ ᠪᠠᠷ ᠳᠠᠮᠵᠢᠭᠤᠯᠤᠨ ᠲᠦᠷᠦ ᠶᠢᠨ ᠬᠡᠷᠡᠭ ᠶᠠᠪᠤᠳᠠᠯ ᠢ ᠬᠠᠮᠢᠶᠠᠷᠬᠤ ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ ᠂ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠵᠤ ᠂ ᠡᠵᠡᠨ ᠬᠥᠮᠥᠨ ᠤ ᠵᠣᠷᠢᠭ ᠰᠠᠨᠠᠭ᠎ᠠ ᠪᠠᠷ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠦᠨᠡᠨ ᠬᠦ ᠪᠠᠲᠤᠯᠠᠪᠠ ᠃ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠶᠢᠨ ᠰᠠᠶᠢᠬᠠᠨ ᠢᠷᠭᠡᠳᠦᠢ ᠪᠠᠷ ᠬᠥᠮᠥᠰ ᠢ ᠤᠷᠮᠠᠰᠢᠭᠤᠯᠵᠤ ᠂ ᠬᠥᠮᠥᠰ ᠢ ᠵᠣᠷᠢᠭᠵᠢᠭᠤᠯᠵᠤ ᠂ ᠬᠥᠮᠥᠰ ᠢ ᠤᠷᠢᠶᠠᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠪᠠ ᠭᠡᠵᠦ ᠵᠢᠭᠠᠵᠤ ᠭᠠᠷᠭᠠᠪᠠ ᠃