ᠵᠤᠬᠢᠶᠠᠭᠴᠢ:
ᠴᠠᠭ:2023-06-02
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠳᠠᠲᠠᠢ ᠵᠣᠭᠤᠰ ᠮᠥᠩᠭᠦ ᠢᠶᠠᠷ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠠᠰᠠᠭᠤᠳᠠᠯ ᠢ ᠨᠠᠮᠳᠠᠭᠤᠯᠪᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠥᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠤᠳᠤᠷᠢᠳᠬᠤ ᠪᠠᠭ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠤ ᠠᠬᠤᠶᠢᠯᠠᠯ ᠳᠤ ᠭᠦᠨᠵᠡᠭᠡᠶᠢᠷᠡᠬᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠬᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠪᠠ ᠪᠣᠳᠠᠲᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠡᠢ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2 ᠳ᠋ᠦᠩᠰᠢᠭᠤᠷ ᠲᠥᠭᠦᠷᠢᠭ ᠤᠨ ᠪᠡᠯᠡ ᠭᠠᠷᠭᠠᠵᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠪᠠᠲᠤᠯᠠᠬᠤ ᠳᠤ ᠲᠤᠰᠠᠯᠠᠬᠤ ᠵᠢᠭᠡᠯᠡᠯᠭᠡ ᠶᠢᠨ ᠬᠥᠲᠥᠯᠥᠨ ᠵᠢᠯᠤᠭᠤᠳᠬᠤ ᠪᠡᠯᠡ ᠮᠥᠩᠭᠦ ᠶᠢ ᠲᠣᠬᠢᠷᠠᠭᠤᠯᠵᠤ᠂ ᠪᠠᠷᠢᠴᠠᠭᠠᠯᠠᠬᠤ ᠠᠴᠠ ᠬᠡᠯᠲᠦᠷᠢᠭᠦᠯᠬᠦ᠂ ᠳᠠᠭᠠᠭᠠᠯᠲᠠ ᠬᠢᠬᠦ ᠠᠴᠠ ᠬᠡᠯᠲᠦᠷᠢᠭᠦᠯᠬᠦ ᠪᠠ ᠡᠳ᠋ ᠤᠨ ᠵᠠᠰᠠᠭ ᠤᠨ ᠳᠠᠮ ᠬᠦᠦ ᠥᠭᠬᠦ ᠵᠡᠷᠭᠡ ᠪᠠᠷ ᠳᠠᠮᠵᠢᠭᠤᠯᠤᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠳᠠᠶᠢᠴᠢᠯᠠᠵᠤ᠂ ᠬᠠᠮᠢᠶ᠎ᠠ ᠪᠦᠬᠦᠢ ᠣᠷᠣᠭᠤᠯᠤᠯᠲᠠ ᠶᠢ 20 ᠳ᠋ᠦᠩᠰᠢᠭᠤᠷ ᠲᠥᠭᠦᠷᠢᠭ ᠳᠠᠶᠢᠴᠢᠯᠠᠬᠤ ᠪᠠᠷ ᠵᠢᠱᠢᠵᠦ ᠪᠣᠢ᠃
ᠲᠤᠰ ᠲᠥᠷᠥᠯ ᠤᠨ ᠪᠠᠲᠤᠯᠠᠬᠤ ᠳᠤ ᠲᠤᠰᠠᠯᠠᠬᠤ ᠵᠢᠭᠡᠯᠡᠯᠭᠡ ᠶᠢᠨ ᠬᠥᠲᠥᠯᠥᠨ ᠵᠢᠯᠣᠭᠤᠳᠬᠤ ᠪᠡᠯᠡ ᠮᠥᠩᠭᠦ ᠶᠢ ᠪᠠᠶᠢᠭᠤᠯᠤᠭᠰᠠᠨ ᠨᠢ ᠥᠪᠥᠷ ᠮᠣᠩᠭᠤᠯ ᠤᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠢᠭᠡᠨ ᠲᠣᠮᠣ ᠶᠠᠪᠤᠳᠠᠯ ᠪᠠᠶᠢᠵᠤ᠂ ᠲᠤᠰᠬᠠᠶᠢᠯᠠᠨ ᠠᠯᠠᠰᠢᠨ ᠦᠬᠡᠷ ᠠᠯᠠᠰᠢᠨ ᠬᠤᠨᠢᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠭᠦᠢᠯᠭᠡᠭᠡᠨ ᠤ ᠪᠡᠯᠡ ᠮᠥᠩᠭᠦ ᠬᠦᠷᠦᠯᠴᠡᠬᠦ ᠦᠭᠡᠢ ᠪᠠᠶᠢᠳᠠᠯ ᠳᠤ ᠴᠢᠭᠯᠡᠭᠦᠯᠵᠦ᠂ ᠡᠳ᠋ ᠤᠨ ᠵᠠᠰᠠᠭ ᠤᠨ ᠬᠥᠲᠥᠯᠥᠨ ᠵᠢᠯᠣᠭᠤᠳᠬᠤ ᠪᠡᠯᠡ ᠮᠥᠩᠭᠦ ᠪᠠᠷ ᠪᠠᠩᠬᠢ ᠶᠢᠨ ᠵᠢᠭᠡᠯᠡᠯᠭᠡ ᠲᠠᠯᠪᠢᠬᠤ ᠶᠢ ᠠᠬᠢᠭᠤᠯᠬᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠨᠠᠮᠳᠠᠭᠤᠯᠬᠤ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠮᠥᠷᠲᠡᠭᠡᠨ ᠮᠠᠨ ᠤ ᠣᠷᠣᠨ ᠤ ᠡᠳ᠋ ᠤᠨ ᠵᠠᠰᠠᠭ ᠤᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠶᠢᠨ ᠬᠠᠮᠲᠤ ᠠᠯᠠᠰᠢᠨ ᠦᠬᠡᠷ ᠠᠯᠠᠰᠢᠨ ᠬᠤᠨᠢᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠳᠠᠲᠤ ᠬᠦᠴᠦᠨ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠪᠣᠳᠠᠲᠤ ᠠᠵᠢᠯᠯᠠᠭ᠎ᠠ ᠪᠣᠯᠣᠨ᠎ᠠ᠃
ᠡᠨᠡ ᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠬᠥᠬᠡᠬᠤᠲᠠ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ︵ᠦᠬᠡᠷ ᠬᠤᠨᠢ︶ ᠤᠨ ᠪᠠᠲᠤᠯᠠᠬᠤ ᠳᠤ ᠲᠤᠰᠠᠯᠠᠬᠤ ᠵᠢᠭᠡᠯᠡᠯᠭᠡ ᠶᠢᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠵᠦ᠂ ᠰᠢᠯᠢ ᠶᠢᠨ ᠭᠤᠣᠯ ᠠᠶᠢᠮᠠᠭ ᠠᠴᠠ ᠢᠷᠡᠭᠰᠡᠨ 2 ᠬᠥᠲᠥᠴᠢ ᠠᠵᠤ ᠠᠬᠤᠶᠢᠯᠠᠯ ᠬᠢᠭᠡᠳ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠣᠰ ᠲᠣᠰ ᠪᠠᠷᠢᠴᠠᠭᠠᠯᠠᠬᠤ ᠠᠴᠠ ᠬᠡᠯᠲᠦᠷᠢᠭᠦᠯᠬᠦ᠂ ᠳᠠᠭᠠᠭᠠᠯᠲᠠ ᠬᠢᠬᠦ ᠠᠴᠠ ᠬᠡᠯᠲᠦᠷᠢᠭᠦᠯᠬᠦ ᠡᠳ᠋ ᠤᠨ ᠵᠠᠰᠠᠭ ᠤᠨ ᠳᠠᠮ ᠬᠦᠦ ᠲᠠᠢ 1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ 《ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ》 ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠣᠨᠣᠯ ᠤᠨ ᠰᠤᠷᠤᠯᠴᠠᠯᠭ᠎ᠠ᠂ ᠤᠯᠤᠰ ᠲᠥᠷᠥ ᠶᠢᠨ ᠬᠡᠪ ᠴᠢᠨᠠᠷ᠂ ᠴᠢᠳᠠᠯ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠯ᠂ ᠠᠵᠢᠯ ᠤᠨ ᠣᠪᠣᠷ ᠰᠤᠷᠲᠠᠯ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠵᠡᠷᠭᠡ ᠣᠯᠠᠨ ᠲᠠᠯ᠎ᠠ ᠶᠢᠨ ᠲᠣᠭᠤᠷᠢᠨ ᠳᠤ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠬᠢᠭᠡᠳ ᠪᠠᠩᠬᠢ ᠲᠠᠢ ᠬᠤᠯᠪᠤᠭᠠᠯᠠᠨ ᠵᠣᠬᠢᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ 《ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ》 ᠬᠦᠴᠢᠷ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠡᠳ᠋ ᠤᠨ ᠵᠠᠰᠠᠭ ᠤᠨ ᠬᠥᠲᠥᠯᠥᠨ ᠵᠢᠯᠣᠭᠤᠳᠬᠤ ᠪᠡᠯᠡ ᠮᠥᠩᠭᠦ ᠪᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠬᠥᠷᠥᠩᠭᠡ ᠶᠢ ᠳᠠᠶᠢᠴᠢᠯᠠᠨ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠪᠡ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠯᠠᠰᠢᠨ ᠦᠬᠡᠷ ᠠᠯᠠᠰᠢᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠳᠤ ᠪᠠᠲᠤᠯᠠᠬᠤ ᠳᠤ ᠲᠤᠰᠠᠯᠠᠬᠤ ᠵᠢᠭᠡᠯᠡᠯᠭᠡ ᠶᠢᠨ ᠬᠥᠲᠥᠯᠥᠨ ᠵᠢᠯᠤᠭᠤᠳᠬᠤ ᠪᠡᠯᠡ ᠮᠥᠩᠭᠦ ᠶᠢ ᠪᠠᠷᠤᠭ 1.2 ᠳ᠋ᠦᠩᠰᠢᠭᠤᠷ ᠲᠥᠭᠦᠷᠢᠭ ᠣᠷᠣᠭᠤᠯᠵᠤ᠂ 10 – 14 ᠬᠥᠲᠥᠴᠢ ᠠᠵᠤ ᠠᠬᠤᠶᠢᠯᠠᠯ ᠢ ᠳᠡᠮᠵᠢᠵᠦ᠂ ᠨᠡᠶᠢᠭᠡᠮ ᠤᠨ ᠬᠥᠷᠥᠩᠭᠡ ᠶᠢ ᠳᠠᠶᠢᠴᠢᠯᠠᠨ 12 ᠳ᠋ᠦᠩᠰᠢᠭᠤᠷ ᠲᠥᠭᠦᠷᠢᠭ ᠣᠷᠣᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠵᠢᠯ ᠤᠨ ᠠᠯᠠᠵᠤ ᠨᠢᠲᠤᠯᠬᠤ ᠴᠢᠳᠠᠪᠤᠷᠢ ᠶᠢ 150 ᠲᠦᠮᠡᠨ ᠲᠣᠯᠣᠭᠠᠢ ᠨᠡᠮᠡᠭᠳᠡᠭᠦᠯᠵᠦ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ 1 ᠲᠦᠮᠡᠨ ᠡᠷᠦᠬᠡ ᠳᠤ ᠠᠰᠢᠭ ᠬᠦᠷᠲᠡᠭᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠳᠠᠶᠢᠴᠢᠯᠠᠨ 20 ᠭᠠᠷᠤᠢ ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠪᠡ᠃