ᠵᠤᠬᠢᠶᠠᠭᠴᠢ:
ᠴᠠᠭ:2023-06-02
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠢᠳᠡᠪᠬᠢᠲᠡᠢ ᠪᠡᠷ ᠨᠡᠮᠡᠭᠳᠡᠭᠦᠯᠵᠦ ᠪᠣᠢ
ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ《ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ》ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠪᠠᠷ ᠵᠢᠯᠣᠭᠤᠳᠤᠮᠵᠢ ᠪᠣᠯᠭᠠᠵᠤ᠂ ᠭᠡᠷ ᠪᠦᠯᠢ ᠪᠠᠷ ᠰᠠᠭᠤᠷᠢ ᠪᠣᠯᠭᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠪᠠᠶᠢᠭᠤᠯᠤᠮᠵᠢ ᠪᠠᠷ ᠨᠥᠬᠦᠪᠦᠷᠢ ᠪᠣᠯᠭᠠᠭᠰᠠᠨ ᠣᠯᠠᠨ ᠭᠤᠣᠯ ᠴᠣᠭᠴᠠ ᠬᠠᠮᠲᠤᠷᠠᠯᠴᠠᠨ ᠣᠷᠣᠯᠴᠠᠬᠤ ᠵᠠᠷᠴᠢᠮ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠰᠡᠳᠬᠢᠯ ᠳᠤ ᠨᠡᠩ ᠣᠶᠢᠷ᠎ᠠ ᠂ ᠨᠠᠰᠤᠲᠠᠶᠢᠴᠤᠳ ᠤᠨ ᠠᠮᠢᠳᠤᠷᠠᠯ ᠢ ᠤᠯᠠᠮ ᠲᠠᠭᠠᠯᠠᠮᠵᠢᠲᠠᠢ ᠪᠣᠯᠭᠠᠬᠤ ᠪᠠᠷ ᠴᠢᠷᠮᠠᠶᠢᠭᠰᠠᠭᠠᠷ ᠪᠠᠶᠢᠨ᠎ᠠ ᠃
ᠬᠤᠲᠠ ᠶᠢᠨ 《ᠨᠢᠭᠡ ᠮᠥᠴᠡ》 ᠶᠢᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠪᠠᠬᠢᠵᠢᠭᠦᠯᠦᠨ ᠥᠷᠭᠡᠳᠬᠡᠬᠦ ᠪᠠᠷ ᠳᠠᠮᠵᠢᠭᠤᠯᠤᠨ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢ ᠦᠨᠡᠯᠡᠬᠦ ᠲᠣᠭᠲᠠᠴᠠ ᠶᠢ ᠪᠠᠶᠢᠭᠤᠯᠵᠤ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡᠯᠡᠯ ᠳᠡᠰ ᠢ ᠦᠨᠡᠯᠡᠨ ᠲᠣᠭᠲᠠᠭᠠᠬᠤ ᠠᠷᠭ᠎ᠠ︵ᠲᠤᠷᠰᠢᠨ ᠬᠡᠷᠡᠭᠵᠢᠭᠦᠯᠬᠦ︶》 ᠶᠢ ᠲᠤᠭᠤᠷᠪᠢᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠵᠣᠬᠢᠬᠤ ᠬᠡᠮᠵᠢᠶ᠎ᠠ ᠪᠠᠷ ᠤᠷᠮᠠᠰᠢᠭᠤᠯᠬᠤ ᠪᠠᠷ ᠳᠠᠮᠵᠢᠭᠤᠯᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠣᠳᠣᠬᠠᠨ ᠳᠤ ᠪᠥᠬᠦ ᠣᠷᠣᠨ ᠳᠤ ᠨᠢᠭᠡᠨᠲᠡ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︵ᠥᠷᠲᠡᠭᠡ︶ᠵᠡᠷᠭᠡ ᠪᠡᠯᠡᠳᠬᠡᠮᠵᠢ ᠶᠢ 1685 ᠪᠠᠶᠢᠭᠤᠯᠤᠨ ᠂ 1.14 ᠲᠦᠮᠡᠨ ᠣᠷᠣ ᠲᠣᠬᠢᠷᠠᠭᠤᠯᠵᠤ᠂ ᠡᠨᠡ ᠵᠢᠯ ᠨᠠᠰᠤᠲᠠᠶᠢᠴᠤᠳ ᠲᠤ ᠨᠡᠶᠢᠲᠡ 125.1 ᠲᠦᠮᠡᠨ ᠬᠥᠮᠥᠨ ᠤᠳᠠᠭ᠎ᠠ ᠦᠢᠯᠡᠴᠢᠯᠡᠪᠡ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠭᠡᠷ ᠤᠨ ᠦᠷᠭᠦᠯᠵᠢᠯᠡᠨ ᠬᠥᠭᠵᠢᠬᠦ ᠶᠢ ᠬᠥᠲᠥᠯᠥᠨ ᠳᠡᠮᠵᠢᠵᠦ ᠂ 《ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠭᠡᠷ ᠶᠢ ᠠᠵᠢᠯᠯᠠᠭᠤᠯᠤᠨ ᠡᠵᠡᠩᠨᠡᠬᠦ ᠶᠢ ᠵᠢᠷᠤᠮᠵᠢᠭᠤᠯᠤᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ》 ᠶᠢ ᠲᠤᠭᠤᠷᠪᠢᠵᠤ᠂ ᠣᠳᠣᠬᠠᠨ ᠳᠤ ᠪᠥᠬᠦ ᠣᠷᠣᠨ ᠳᠤ ᠨᠢᠭᠡᠨᠲᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ 629 ᠬᠤᠭᠤᠯᠠᠨ ᠭᠡᠷ ᠢ ᠪᠠᠷᠢᠵᠤ ᠳᠠᠭᠤᠰᠬᠠᠪᠠ ᠃ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠪᠠ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2605 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠤ᠂ ᠡᠨᠡ ᠵᠢᠯ ᠨᠢᠭᠡᠨᠲᠡ 1363 ᠡᠷᠦᠬᠡ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠳᠠᠭᠤᠰᠬᠠᠵᠤ ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ 115 ᠣᠷᠣ ᠶᠢ ᠪᠠᠶᠢᠭᠤᠯᠪᠠ ᠃ ᠬᠥᠬᠡᠬᠤᠲᠠ᠂ ᠪᠤᠭᠤᠲᠤ ᠬᠤᠲᠠ ᠶᠢ ᠵᠢᠯᠣᠭᠤᠳᠤᠨ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠪᠤᠰᠤᠳ ᠠᠶᠢᠮᠠᠭ ᠬᠤᠲᠠ ᠶᠢᠨ ᠬᠢᠨ ᠤᠯᠤᠰ ᠤᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠬᠤ ᠶᠢ ᠳᠡᠮᠵᠢᠵᠦ ᠪᠠᠶᠢᠨ᠎ᠠ ᠃