ᠵᠤᠬᠢᠶᠠᠭᠴᠢ:
ᠴᠠᠭ:2023-06-02
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ ᠬᠠᠷᠢᠶᠠᠯᠠᠯ ᠤᠨ ᠲᠤᠬᠠᠶᠢᠯᠠᠭᠰᠠᠨ ᠠᠵᠢᠯ ᠨᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ
ᠬᠠᠤᠯᠢᠵᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ 《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠪᠠ《ᠨᠠᠮ ᠤᠨ ᠪᠠᠶᠢᠭᠤᠯᠤᠯᠲᠠ ᠶᠢ ᠠᠳᠬᠤᠬᠤ᠂ ᠣᠪᠣᠷ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ》ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠂ ᠣᠯᠠᠨ ᠲᠦᠮᠡᠨ ᠤ ᠡᠷᠦᠬᠡ ᠠᠮᠠ ᠶᠢᠨ ᠬᠠᠷᠢᠶᠠᠯᠠᠯ ᠂ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠥᠪᠡᠷ ᠤᠨ ᠥᠷᠲᠡᠭ ᠢᠶᠠᠷ ᠥᠨᠳᠥᠷ᠂ ᠦᠶᠡᠯᠡᠯ ᠤᠨ ᠬᠤᠭᠤᠴᠠᠭ᠎ᠠ ᠣᠷᠳᠣ ᠵᠡᠷᠭᠡ ᠪᠣᠳᠠᠲᠠᠢ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠪᠥᠬᠦ ᠣᠷᠣᠨ ᠤ ᠬᠥᠮᠥᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠥᠭᠡᠷᠡᠴᠢᠯᠡᠭᠰᠡᠨ ᠤ ᠬᠠᠮᠲᠤ ᠶᠠᠮᠤᠨ ᠮᠤᠵᠢ᠂ ᠮᠤᠵᠢ ᠶᠢᠨ ᠬᠤᠭᠤᠷᠣᠨᠳᠣᠬᠢ ᠲᠤᠭ᠎ᠠ ᠪᠠᠷᠢᠮᠲᠠ ᠶᠢ ᠬᠤᠯᠪᠤᠭᠠᠯᠠᠨ ᠲᠣᠬᠢᠷᠠᠭᠤᠯᠬᠤ ᠲᠤᠷᠰᠢᠯᠲᠠ ᠶᠢ ᠤᠷᠢᠳ ᠢᠶᠠᠷ ᠪᠡᠶᠡᠯᠡᠭᠦᠯᠦᠭᠰᠡᠨ ᠪᠠᠶᠢᠨ᠎ᠠ᠃ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ 25 ᠤ ᠡᠳᠦᠷ ᠠᠴᠠ ᠡᠬᠢᠯᠡᠨ᠂ ᠪᠥᠬᠦ ᠣᠷᠣᠨ ᠤ 12 ᠠᠶᠢᠮᠠᠭ ᠬᠤᠲᠠ ᠳᠤ ᠣᠷᠣᠨ ᠤ ᠭᠠᠳᠠᠨᠠᠬᠢ ᠡᠷᠦᠬᠡ ᠠᠮᠠ ᠶᠢᠨ ᠬᠠᠷᠢᠶᠠᠯᠠᠯ ᠲᠠᠢ ᠰᠠᠭᠤᠭᠠᠯᠢ ᠠᠷᠠᠳ ᠠᠩᠬ᠎ᠠ ᠤᠳᠠᠭ᠎ᠠ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ᠂ ᠡᠷᠦᠬᠡ ᠠᠮᠠ ᠪᠠᠨ ᠥᠨᠳᠥᠷ ᠳᠠᠪᠲᠠᠮᠵᠢ ᠲᠠᠢ ᠰᠢᠯᠵᠢᠭᠦᠯᠬᠦ᠂ ᠡᠷᠦᠬᠡ ᠠᠮᠠ ᠶᠢᠨ ᠬᠠᠷᠢᠶᠠᠯᠠᠯ ᠤᠨ ᠲᠥᠷᠥᠯ ᠤᠨ ᠭᠡᠷᠡᠴᠢ ᠠᠪᠬᠤ ᠶᠢ 《ᠮᠤᠵᠢ ᠠᠯᠤᠰᠯᠠᠨ ᠨᠡᠶᠢᠳᠡᠮ ᠭᠦᠢᠴᠡᠳᠬᠡᠬᠦ》ᠪᠠ ᠮᠠᠨ ᠤ ᠣᠷᠣᠨ ᠤ ᠡᠷᠦᠬᠡ ᠠᠮᠠ ᠶᠢᠨ ᠬᠠᠷᠢᠶᠠᠯᠠᠯ ᠲᠠᠢ ᠰᠠᠭᠤᠭᠠᠯᠢ ᠠᠷᠠᠳ ᠤᠨ ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠶᠢ 《ᠪᠥᠬᠦ ᠣᠷᠣᠨ ᠳᠤ ᠨᠡᠶᠢᠳᠡᠮ ᠭᠦᠢᠴᠡᠳᠬᠡᠬᠦ》ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠᠷ ᠲᠣᠭᠲᠠᠪᠠ᠃
ᠣᠶᠢᠯᠠᠭᠠᠭᠰᠠᠨ ᠢᠶᠠᠷ᠂ ᠰᠠᠭᠤᠭᠠᠯᠢ ᠠᠷᠠᠳ ᠠᠩᠬ᠎ᠠ ᠤᠳᠠᠭ᠎ᠠ ᠪᠡᠶ᠎ᠡ ᠶᠢᠨ ᠦᠨᠡᠮᠯᠡᠯ ᠢ ᠭᠤᠶᠤᠴᠢᠯᠠᠨ ᠠᠪᠬᠤ ᠳᠤ 《ᠮᠤᠵᠢ ᠠᠯᠤᠰᠯᠠᠨ ᠨᠡᠶᠢᠳᠡᠮ ᠭᠦᠢᠴᠡᠳᠬᠡᠬᠦ》 《ᠪᠥᠬᠦ ᠣᠷᠣᠨ ᠤ ᠨᠡᠶᠢᠳᠡᠮ ᠭᠦᠢᠴᠡᠳᠬᠡᠬᠦ》 ᠭᠡᠳᠡᠭ ᠨᠢ ᠣᠷᠣᠨ ᠤ ᠭᠠᠳᠠᠨᠠᠬᠢ ᠪᠠ ᠮᠠᠨ ᠤ ᠣᠷᠣᠨ ᠤ ᠡᠷᠦᠬᠡ ᠠᠮᠠ ᠶᠢᠨ ᠬᠠᠷᠢᠶᠠᠯᠠᠯ ᠲᠠᠢ ᠰᠠᠭᠤᠭᠠᠯᠢ ᠠᠷᠠᠳ ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠪᠠᠨ ᠡᠷᠦᠬᠡ ᠠᠮᠠ ᠶᠢᠨ ᠬᠠᠷᠢᠶᠠᠯᠠᠯ ᠨᠢ ᠪᠠᠶᠢᠭ᠎ᠠ ᠭᠠᠵᠠᠷ ᠲᠤ ᠪᠠᠨ ᠣᠴᠢᠵᠤ ᠭᠦᠢᠴᠡᠳᠬᠡᠬᠦ ᠴᠢᠬᠤᠯᠠ ᠦᠭᠡᠢ᠂ ᠵᠥᠪᠬᠡᠨ ᠣᠲᠣ ᠶᠢᠨ ᠰᠠᠭᠤᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠷᠦᠬᠡ ᠠᠮᠠ ᠶᠢᠨ ᠬᠠᠷᠢᠶᠠᠯᠠᠯ ᠤᠨ ᠴᠣᠩᠬᠤᠨ ᠳᠤ ᠭᠦᠢᠴᠡᠳᠬᠡᠪᠡᠯ ᠪᠣᠯᠴᠢᠬᠠᠨ᠎ᠠ᠃ ᠣᠳᠣᠬᠠᠨ ᠳᠤ᠂ ᠮᠠᠨ ᠤ ᠣᠷᠣᠨ ᠨᠢᠭᠡᠨᠲᠡ ᠱᠠᠨ ᠰᠢ᠂ ᠲᠢᠶᠠᠨᠵᠢᠨ ᠂ ᠬᠢᠷᠢᠨ ᠂ ᠬᠠᠷᠠᠮᠥ᠋ᠷᠡᠨ ᠂ ᠱᠠᠩᠬᠠᠢ ᠂ ᠵᠢᠶᠠᠩᠰᠤ ᠂ ᠵᠧᠵᠢᠶᠠᠩ ᠂ ᠠᠨᠾᠦ᠋ᠢ ᠂ ᠹᠦᠵᠢᠶᠠᠨ ᠂ ᠵᠢᠶᠠᠩᠰᠢ᠂ ᠱᠠᠨᠳᠦ᠋ᠩ᠂ ᠾᠧᠨᠠᠨ᠂ ᠬᠤᠪᠧᠢ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠶᠢᠨᠠᠨ᠂ ᠰᠧᠴᠤᠸᠠᠨ᠂ ᠭᠦᠢᠵᠧᠦ᠂ ᠶᠦᠨᠨᠠᠨ᠂ ᠴᠦᠩᠴᠢᠩ᠂ ᠲᠥᠪᠡᠳ᠂ ᠱᠠᠨᠰᠢ᠂ ᠭᠠᠨᠰᠤ᠂ ᠨᠢᠩᠰᠢᠶᠠ︵ᠪᠥᠬᠦ ᠮᠤᠵᠢ ᠣᠷᠣᠨ ᠬᠤᠲᠠ ᠶᠢᠨ ᠬᠡᠪᠴᠢᠶᠡᠨ ᠳᠤ︶ᠵᠢᠴᠢ ᠪᠡᠭᠡᠵᠢᠩ︵ᠹᠧᠩᠲ᠋ᠠᠢ ᠲᠣᠭᠤᠷᠢᠭ︶᠂ ᠯᠢᠶᠣᠤᠨᠢᠩ ︵ᠮᠦᠭᠳᠡᠨ᠂ ᠳ᠋ᠠᠯᠢᠶᠠᠨ᠂ ᠠᠨᠱᠠᠨ᠂ ᠹᠦᠱᠦ᠋ᠨ᠂ ᠪᠧᠨᠰᠢ᠂ ᠳ᠋ᠠᠨᠳᠦ᠋ᠩ᠂ ᠵᠢᠨᠵᠧᠦ᠂ ᠶᠢᠩᠺᠸᠦ᠂ ᠯᠢᠶᠤᠤᠶᠠᠩ᠂ ᠫᠠᠨᠵᠢᠨ᠂ ᠲᠢᠶᠧᠯᠢᠩ ᠂ ᠴᠣᠣᠶᠠᠩ᠂ ᠬᠤ᠋ ᠯᠦ ᠳ᠋ᠣᠣ᠂ ᠯᠢᠶᠣᠤᠾᠧ︶ᠵᠡᠷᠭᠡ ᠮᠤᠵᠢ ︵ᠣᠷᠣᠨ ᠬᠤᠲᠠ︶ᠲᠠᠢ ᠬᠠᠮᠲᠤᠷᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠤ 《ᠮᠤᠵᠢ ᠠᠯᠤᠰᠯᠠᠨ ᠨᠡᠶᠢᠳᠡᠮ ᠭᠦᠢᠴᠡᠳᠬᠡᠬᠦ》 ᠶᠢ ᠠᠩᠬ᠎ᠠ ᠤᠳᠠᠭ᠎ᠠ ᠪᠡᠶᠡᠯᠡᠭᠦᠯᠵᠡᠢ ᠃