ᠵᠤᠬᠢᠶᠠᠭᠴᠢ: ᠴᠠᠭ:2023-06-09 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠶᠡᠷᠦᠩᠬᠡᠢ ᠱᠦᠵᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠮᠥᠨ ᠭᠡᠵᠦ ᠬᠡᠯᠡᠪᠡ — ᠶᠡᠷᠦᠩᠬᠡᠢ ᠱᠦᠵᠢ ᠰᠢ ᠶᠢᠨ ᠫᠢᠩ ᠤᠨ  ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠰᠢᠨᠵᠢᠯᠡᠨ ᠪᠠᠶᠢᠴᠠᠭᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ

 

《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠰᠢᠰᠲ᠋ᠧᠮ ᠤᠨ ᠪᠠᠶᠢᠭᠤᠯᠤᠯᠲᠠ ᠶᠢᠨ ᠢᠨᠵᠧᠨᠧᠷᠢᠩ ᠢ ᠲᠣᠪᠴᠢᠯᠠᠭᠠᠳ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ  ᠭᠡᠳᠡᠭ ᠂ ᠡᠨᠡ ᠪᠣᠯ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ ᠂ ᠤᠮᠠᠷᠠᠲᠤ ᠣᠷᠣᠨ ᠪᠣᠯᠣᠨ ᠵᠡᠭᠦᠨ ᠬᠤᠶᠢᠲᠤ ᠣᠷᠣᠨ ᠳᠤ ᠪᠠᠶᠢᠭᠤᠯᠤᠭᠰᠠᠨ ᠲᠣᠮᠣ ᠭᠡᠯᠪᠡᠷᠢ ᠶᠢᠨ ᠬᠥᠮᠥᠨ ᠤ ᠬᠦᠴᠦᠨ ᠤ ᠣᠶ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠪᠣᠯᠣᠨ᠎ᠠ ᠂ ᠰᠢᠨᠵᠢᠶᠠᠩ ᠠᠴᠠ ᠡᠬᠢᠯᠡᠵᠦ ᠬᠠᠷᠠᠮᠥ᠋ᠷᠡᠨ ᠭᠦᠷᠳᠡᠭ ᠃

《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠢ ᠵᠢᠱᠢᠯᠲᠡ ᠪᠠᠷ 2050 ᠣᠨ ᠳᠤ ᠳᠠᠭᠤᠰᠬᠠᠵᠤ ᠂ 73 ᠵᠢᠯ ᠤᠨ ᠬᠤᠭᠤᠴᠠᠭ᠎ᠠ ᠶᠢ ᠬᠡᠷᠡᠭᠰᠡᠵᠦ ᠂  ᠭᠤᠷᠪᠠᠨ ᠱᠠᠲᠤ ᠦᠶ᠎ᠡ ᠨᠠᠢᠮᠠᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ ᠂ 10 ᠵᠢᠯ ᠣᠷᠴᠢᠮ ᠤᠨ ᠴᠠᠭ ᠢ ᠬᠡᠷᠡᠭᠰᠡᠨ 《ᠤᠮᠠᠷᠠᠲᠤ ᠶᠢᠨ ᠭᠤᠷᠪᠠᠨ ᠣᠷᠣᠨ 》  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠬᠦ ᠪᠠᠷ ᠴᠢᠷᠮᠠᠶᠢᠨ᠎ᠠ ᠃ 2021 — 2030 ᠣᠨ ᠪᠣᠯ《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠤᠯᠤᠨ᠎ᠠ ︔ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ ︔ 《ᠤᠮᠠᠷᠠᠲᠤ ᠶᠢᠨ ᠭᠤᠷᠪᠠᠨ ᠣᠷᠣᠨ》  ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠮᠥᠨ ᠃

ᠵᠠᠰᠠᠯᠲᠠ ᠶᠢᠨ ᠭᠤᠣᠯᠳᠠᠯᠭ᠎ᠠ ᠶᠢ ᠲᠣᠪᠤᠶᠢᠯᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠂ ᠬᠠᠲᠤᠨ ᠭᠤᠣᠯ ᠤᠨ 《ᠶᠡᠭᠡ ᠲᠣᠬᠤᠢ》 ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠬᠤᠷᠴᠢᠨ ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠂ ᠾᠧᠰᠢ ᠶᠢᠨ ᠬᠤᠩᠭᠢᠯ — ᠲᠠᠺᠯᠢᠮᠠᠺᠠᠨ ᠤ ᠡᠯᠡᠰᠦᠨ ᠴᠦᠯ ᠤᠨ ᠬᠥᠪᠡᠭᠡᠨ ᠳᠠᠬᠢ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ ᠃

ᠰᠢᠨᠵᠢᠯᠡᠨ ᠪᠠᠶᠢᠴᠠᠭᠠᠭᠰᠠᠨ ᠴᠡᠭ ᠄

 ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ

 ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠢ ᠰᠢᠭᠤᠢ ᠶᠢᠨ ᠲᠠᠯᠠᠪᠠᠢ 1960 ᠣᠨ ᠳᠤ ᠪᠠᠶᠢᠭᠤᠯᠤᠭᠳᠠᠵᠤ ᠂ ᠭᠠᠵᠠᠷ ᠰᠢᠷᠣᠢ ᠶᠢᠨ ᠲᠠᠯᠠᠪᠠᠢ ᠨᠢ 5.2 ᠲᠦᠮᠡᠨ ᠮᠦ ᠪᠤᠢ ᠃ ᠥᠩᠭᠡᠷᠡᠭᠰᠡᠨ ᠳᠤ ᠂ ᠤᠢ ᠰᠢᠭᠤᠢ ᠶᠢᠨ ᠲᠠᠯᠠᠪᠠᠢ ᠶᠢᠨ ᠡᠷᠭᠢᠨ ᠲᠣᠭᠤᠷᠢᠨ ᠤ ᠡᠯᠡᠰᠦᠷᠬᠡᠭᠵᠢᠯ ᠬᠦᠨᠳᠦ ᠨᠣᠴᠢᠲᠠᠢ ᠪᠠᠶᠢᠵᠤ ᠂ ᠰᠠᠯᠬᠢ ᠰᠢᠭᠤᠷᠭ᠎ᠠ ᠳᠡᠭᠳᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ ᠃ ᠲᠠᠪᠢ ᠵᠢᠷᠠᠭᠠᠳ ᠣᠨ ᠠᠴᠠ ᠡᠬᠢᠯᠡᠨ ᠂ ᠬᠡᠳᠦᠨ ᠦᠶ᠎ᠡ ᠶᠢᠨ ᠤᠢ ᠰᠢᠭᠤᠢ ᠶᠢᠨ ᠠᠵᠢᠯᠲᠠᠨ ᠴᠥᠬᠦᠷᠡᠰᠢ ᠦᠭᠡᠢ ᠲᠡᠮᠡᠴᠡᠨ ᠨᠡᠶᠢᠳᠡ 3.9 ᠲᠦᠮᠡᠨ ᠮᠦ ᠮᠣᠳᠣ ᠳᠠᠷᠢᠵᠠᠢ ᠃ 1978 ᠣᠨ ᠳᠤ ᠂  《 ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠤᠢ ᠂ ᠪᠡᠭᠡᠵᠢᠩ ᠲᠢᠶᠠᠨᠵᠢᠨ ᠤ ᠡᠷᠭᠢᠨ ᠲᠣᠭᠣᠷᠢᠨ  ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ ᠬᠤᠭᠤᠴᠠᠭ᠎ᠠ ᠂ ᠴᠢᠨᠠᠷ ᠮᠠᠭᠤ ᠦᠷ᠎ᠡ ᠠᠰᠢᠭ ᠳᠣᠣᠷ᠎ᠠ ᠤᠢ ᠶᠢ ᠥᠭᠡᠷᠡᠴᠢᠯᠡᠬᠦ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠵᠦ ᠂ ᠣᠶᠢᠵᠢᠭᠤᠯᠵᠤ ᠨᠣᠭᠤᠭᠠᠷᠠᠭᠤᠯᠬᠤ ᠪᠠᠷ ᠳᠠᠮᠵᠢᠭᠤᠯᠤᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ ᠢ ᠪᠠᠳᠠᠷᠠᠭᠤᠯᠪᠠ ᠃ ᠤᠳᠤ ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ 65% ᠳᠤ ᠬᠦᠷᠴᠦ ᠂ ᠨᠣᠮᠢᠨ ᠨᠣᠭᠤᠭᠠᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ ᠃

ᠵᠣᠨ ᠤ ᠡᠬᠢ ᠪᠠᠷ ᠂ ᠪᠠᠶᠠᠨᠨᠠᠭᠤᠷ ᠬᠤᠲᠠ ᠶᠢᠨ  ᠲᠣᠭᠤᠷᠢᠭ ᠤᠨ ᠤᠯᠠᠭᠠᠨᠲᠤᠭ ᠪᠠᠯᠭᠠᠰᠤᠨ ᠤ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠡᠪᠡᠰᠦ ᠮᠣᠳᠣ ᠬᠥᠬᠡᠷᠡᠨ ᠨᠣᠭᠤᠭᠠᠷᠠᠵᠤ ᠂ ᠵᠦᠢᠯ ᠤᠨ ᠰᠢᠪᠠᠭᠤᠳ ᠵᠢᠷᠭᠢᠨ ᠳᠣᠩᠭᠤᠳᠴᠤ ᠂ ᠨᠠᠭᠤᠷ ᠤᠨ ᠤᠰᠤ ᠲᠣᠯᠢ ᠰᠢᠭ᠋ ᠮᠡᠯᠮᠡᠯᠵᠡᠨ ᠰᠡᠷᠢᠭᠦᠨ ᠰᠠᠯᠬᠢ ᠦᠯᠢᠶᠡᠨ᠎ᠡ ᠃

6  ᠰᠠᠷ᠎ᠠ ᠶᠢᠨ 6 ᠤ  ᠦᠳᠡ ᠶᠢᠨ ᠡᠮᠦᠨ᠎ᠡ ᠂ ᠶᠡᠷᠦᠩᠬᠡᠢ ᠱᠦᠵᠢ ᠰᠢ ᠶᠢᠨ ᠫᠢᠩ  ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠢᠷᠡᠵᠦ ᠂ 《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ ᠃ 1978 ᠣᠨ ᠠᠴᠠ ᠡᠬᠢᠯᠡᠨ ᠂ ᠲᠤᠰ ᠤᠢ ᠰᠢᠭᠤᠢ ᠶᠢᠨ ᠲᠠᠯᠠᠪᠠᠢ ᠨᠢ ᠲᠠᠷᠢᠶᠠᠨ ᠭᠠᠵᠠᠷ ᠬᠤᠵᠢᠷᠰᠢᠭᠰᠠᠨ ᠠᠴᠠ ᠪᠣᠯᠤᠭᠰᠠᠨ ᠡᠯᠡᠰᠦᠷᠬᠡᠭᠵᠢᠯ ᠤᠨ ᠠᠰᠠᠭᠤᠳᠠᠯ ᠢ ᠶᠡᠭᠡ ᠪᠠᠷ ᠵᠠᠰᠠᠵᠤ ᠂ ᠨᠡᠶᠢᠲᠡ 3.9 ᠲᠦᠮᠡᠨ ᠮᠦ ᠮᠣᠳᠣ ᠳᠠᠷᠢᠵᠠᠢ ᠃ ᠤᠢ ᠰᠢᠭᠤᠢ ᠶᠢᠨ ᠲᠠᠯᠠᠪᠠᠢ ᠳᠤ ᠂ ᠰᠢ ᠶᠢᠨ ᠫᠢᠩ ᠥᠪᠥᠷ ᠮᠣᠩᠭᠤᠯ ᠤᠨ 《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠵᠠᠰᠠᠵᠤ ᠣᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠵᠠᠰᠠᠵᠤ ᠪᠠᠶᠢᠭ᠎ᠠ ᠡᠯᠡᠰᠦᠷᠬᠡᠭ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠃

ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠣᠶ ᠰᠢᠭᠤᠢ ᠶᠢᠨ ᠲᠠᠯᠠᠪᠠᠶ ᠶᠢᠨ ᠺᠠᠳ᠋ᠷ ᠠᠵᠢᠯᠲᠠᠨ ᠤ ᠡᠷᠴᠢ ᠵᠣᠷᠢᠭ ᠢ ᠬᠥᠪᠴᠢᠯᠡᠵᠦ ᠂ ᠶᠡᠷᠦᠩᠬᠡᠢ ᠱᠦᠵᠢ ᠶᠢᠨ ᠶᠠᠷᠢᠶ᠎ᠠ ᠨᠢ ᠣᠯᠠᠨ ᠢ ᠵᠣᠷᠢᠭᠵᠢᠭᠤᠯᠪᠠ ᠃ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠮᠥᠷ ᠢ ᠲᠠᠭᠠᠵᠤ ᠰᠤᠷᠪᠤᠯᠵᠢᠯᠠᠬᠴᠢ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠢᠷᠡᠵᠦ ᠂ ᠠᠳᠡ ᠬᠥᠮᠥᠰ ᠤᠨ ᠰᠡᠳᠬᠢᠯ ᠢ ᠲᠤᠬᠳᠤᠯᠤᠭᠤᠯᠤᠬᠰᠠᠨ ᠴᠠᠭ ᠮᠥᠴᠡ ᠶᠢ ᠳᠠᠬᠢᠨᠲᠠ ᠰᠤᠷᠪᠤᠯᠵᠢᠯᠠᠵᠤ ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠣᠨ ᠨᠠᠨᠳᠢᠨ ᠡᠷᠡᠮᠡᠯᠵᠡᠯ ᠤᠨ ᠳᠤᠮᠳᠠ ᠢᠷᠡᠭᠡᠳᠦᠢ ᠶᠢᠨ ᠴᠢᠭᠯᠡᠯ ᠵᠢᠡᠨ‌ ᠭᠤᠶᠢᠪᠢᠰᠢ ᠦᠭᠡᠢ ᠡᠷᠢᠯᠬᠢᠯᠡᠪᠡ ᠃

《ᠶᠡᠷᠦᠩᠬᠡᠢ ᠱᠦᠵᠢ ᠰᠢᠷᠬᠡᠭ ᠡᠪᠡᠰᠦ ᠰᠠᠭᠤᠷᠢ ᠮᠣᠳᠣᠨ ᠳᠤ ᠭᠦᠷᠳᠡᠯ᠎ᠡ ᠴᠥᠮ ᠪᠢᠯᠬᠠᠮ᠎ᠠ ᠬᠠᠶᠢᠷ᠎ᠠ ᠰᠡᠳᠬᠢᠯᠭᠡ ᠲᠠᠢ ᠪᠠᠶᠢᠳᠠᠭ》 《ᠶᠡᠷᠦᠩᠬᠡᠢ ᠱᠦᠵᠢ ᠲᠡᠷᠭᠡ ᠠᠴᠠ ᠪᠠᠨ ᠪᠠᠭᠤᠮᠠᠭᠴᠠ ᠂ ᠪᠢᠳᠠᠨ ᠠᠴᠠ ᠮᠣᠳᠣ ᠲᠠᠷᠢᠬᠤ ᠠᠷᠭ᠎ᠠ ᠭᠡᠯᠪᠡᠷᠢ ᠶᠢ ᠠᠰᠠᠭᠤᠨ ᠯᠠᠪᠯᠠᠵᠤ ᠂ ᠡᠳᠡᠭᠡᠷ ᠮᠣᠳᠣ ᠶᠢ ᠨᠦᠬᠡᠯᠡᠵᠦ ᠵᠠᠶᠢᠯᠠᠭᠰᠠᠨ ᠶᠤᠮ ᠤᠤ ︖ ᠨᠢᠰᠬᠡᠯ ᠢᠶᠠᠷ ᠣᠶᠢᠵᠢᠭᠤᠯᠤᠭᠰᠠᠨ ᠦᠦ ︖ ᠭᠡᠵᠦ ᠠᠰᠠᠭᠤᠪᠠ ᠃ ᠡᠨᠡ ᠨᠢ ᠶᠡᠷᠦᠩᠬᠡᠢ ᠱᠦᠵᠢ ᠠᠮᠢ ᠠᠬᠤᠢ ᠶᠢᠨ ᠬᠦᠷᠢᠶ᠎ᠡ ᠴᠠᠷᠠᠭ᠎ᠠ ᠶᠢ ᠮᠠᠰᠢ ᠰᠠᠶᠢᠨ ᠣᠶᠢᠯᠠᠭᠠᠳᠠᠭ ᠭᠡᠵᠦ ᠨᠠᠳᠠ ᠳᠤ ᠰᠠᠨᠠᠭᠳᠠᠭᠰᠠᠨ》ᠭᠡᠵᠦ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂   ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠤᠤ ᠵᠢᠶᠦ᠋ᠨ ᠯᠢᠩ ᠶᠡᠷᠦᠩᠬᠡᠢ ᠱᠦᠵᠢ ᠳᠤ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠪᠠᠶᠢᠳᠠᠯ ᠢ ᠨᠠᠷᠢᠨ ᠲᠠᠨᠢᠯᠴᠠᠭᠤᠯᠵᠤ ᠂ ᠶᠡᠷᠦᠩᠬᠡᠢ ᠱᠦᠵᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠢᠶᠠᠨ ᠡᠷᠭᠢᠴᠡᠭᠦᠯᠬᠦ ᠳᠡᠭᠡᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠯ᠎ᠠ ᠃

ᠥᠨᠥᠳᠥᠷ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠨᠣᠮᠢᠨ ᠳᠣᠯᠭᠢᠶ᠎ᠠ ᠬᠠᠶᠠᠯᠠᠨ᠎ᠠ ᠃ ᠭᠡᠪᠡᠴᠦ ᠬᠠᠭᠠᠰ ᠵᠠᠭᠤᠨ ᠤ ᠡᠮᠦᠨ᠎ᠡ ᠠᠳᠡᠬᠢ ᠨᠢ ᠡᠯᠦᠢ ᠬᠤᠯᠤᠢ ᠂ ᠡᠵᠡᠭᠦᠢ ᠴᠦᠯ ᠬᠤᠵᠢᠷᠯᠢᠭ ᠠᠲᠠᠷ ᠭᠠᠵᠠᠷ ᠪᠠᠶᠢᠵᠠᠢ ᠃ ᠬᠠᠲᠠᠭᠤ ᠪᠡᠷᠬᠡ ᠣᠷᠴᠢᠨ ᠲᠣᠭᠤᠷᠢᠨ ᠳᠤ ᠂ ᠠᠲᠡ ᠦᠨᠳᠦᠰᠦ ᠬᠠᠳᠬᠤᠨ ᠤᠷᠭᠤᠭᠰᠠᠨ ᠮᠣᠳᠣ ᠪᠣᠯᠭᠠᠨ ᠳᠤ ᠴᠥᠮ ᠣᠯᠠᠨ ᠤ ᠬᠦᠴᠦ ᠬᠥᠯᠥᠰᠦ ᠰᠢᠩᠭᠡᠭᠰᠡᠨ ᠪᠠᠶᠢᠯ᠎ᠠ ᠃ 《ᠶᠡᠷᠦᠩᠬᠡᠢ ᠱᠦᠵᠢ ᠠᠳᠡᠬᠢ ᠳᠠᠷᠢᠭᠰᠠᠨ ᠮᠣᠳᠣᠨ ᠤ ᠲᠦᠷᠦᠯ ᠪᠠ ᠲᠡᠳᠡᠭᠡᠷ ᠤᠨ ᠣᠨᠴᠠᠯᠢᠭ ᠢ ᠮᠠᠰᠢ ᠠᠩᠬᠠᠷᠴᠤ ᠪᠠᠶᠢᠯ᠎ᠠ》ᠭᠡᠵᠦ ᠵᠤᠤ ᠵᠢᠶᠦ᠋ᠨ ᠯᠢᠩ ᠬᠡᠯᠡᠨ᠎ᠡ ᠃

ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠨᠢ  ᠲᠣᠭᠤᠷᠢᠭ ᠤᠨ ᠴᠣᠷ ᠤᠨ ᠭᠠᠭᠴᠠ ᠣᠶ ᠰᠢᠭᠤᠢ ᠶᠢᠨ ᠲᠠᠯᠠᠪᠠᠶ ᠪᠣᠯᠤᠭᠰᠠᠨ ᠤ ᠬᠤᠪᠢ ᠳᠤ ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠂ ᠤᠰᠤᠨ ᠤ ᠡᠬᠢ ᠰᠤᠷᠪᠤᠯᠵᠢ ᠶᠢ ᠰᠠᠶᠢᠵᠢᠷᠠᠭᠤᠯᠬᠤ ᠦᠢᠯᠡᠳᠦᠯ ᠭᠠᠷᠭᠠᠭᠰᠠᠨ ᠢᠶᠠᠷ ᠪᠠᠷᠠᠬᠤ ᠦᠭᠡᠢ ᠂ ᠡᠷᠭᠢᠨ ᠲᠣᠭᠤᠷᠢᠨ ᠤ ᠲᠠᠷᠢᠶᠠᠨ ᠭᠠᠵᠠᠷ ᠢ ᠬᠠᠮᠠᠭᠠᠯᠠᠵᠤ ᠂ ᠮᠥᠨᠳᠥᠷ ᠪᠠ ᠡᠯᠡᠰᠦᠨ ᠰᠢᠭᠤᠷᠭ᠎ᠠ ᠵᠡᠷᠭᠡ ᠪᠠᠶᠢᠭᠠᠯᠢ ᠶᠢᠨ ᠭᠠᠮᠰᠢᠭ ᠢ ᠪᠠᠭᠠᠰᠬᠠᠵᠤ ᠂ ᠣᠶ ᠰᠢᠭᠤᠢ ᠶᠢᠨ ᠲᠠᠯᠠᠪᠠᠶ ᠶᠢᠨ ᠡᠷᠭᠢᠨ ᠲᠣᠭᠤᠷᠢᠨ ᠳᠤ ᠡᠶᠡᠷᠭᠦ ᠠᠭᠤᠷ ᠠᠮᠢᠰᠬᠤᠯ ᠢ ᠪᠤᠶ ᠪᠣᠯᠭᠠᠵᠠᠢ ᠃

ᠣᠢ ᠰᠢᠭᠤᠢ ᠶᠢᠨ ᠲᠠᠯᠠᠪᠠᠢ ᠶᠢᠨ ᠭᠠᠵᠠᠷ ᠪᠣᠯᠭᠠᠨ ᠳᠤ ᠬᠠᠷᠠᠭᠳᠠᠬᠤ ᠬᠤᠯᠠᠨ ᠪᠤᠶ᠎ᠠ ᠨᠢ ᠣᠷᠴᠢᠨ ᠲᠣᠭᠤᠷᠢᠨ ᠤ ᠬᠤᠪᠢᠷᠠᠯᠲᠠ ᠶᠢ ᠭᠡᠷᠡᠴᠢᠯᠡᠨ᠎ᠡ ᠃ ᠵᠤᠤ ᠵᠢᠶᠦ᠋ᠨ ᠯᠢᠩ ᠬᠤᠶᠠᠷ ᠪᠠᠭᠴᠠ ᠴᠠᠭᠠᠨ ᠴᠡᠴᠡᠭ ᠳᠡᠯᠭᠡᠷᠡᠭᠰᠡᠨ ᠤᠷᠭᠤᠮᠠᠯ ᠢ ᠵᠢᠭᠠᠵᠤ ᠂ ᠶᠡᠷᠦᠩᠬᠡᠢ ᠱᠦᠵᠢ ᠳᠤ᠄ 《ᠥᠩᠭᠡᠷᠡᠭᠰᠡᠨ ᠳᠤ ᠠᠳᠡᠬᠢ ᠲᠠᠷᠢᠶᠠᠴᠢᠳ ᠲᠠᠷᠢᠶ᠎ᠠ ᠲᠠᠷᠢᠬᠤ ᠳᠠᠭᠠᠨ ᠬᠤᠯᠠᠨ ᠪᠤᠶ᠎ᠠ ᠤᠷᠭᠤᠭᠰᠠᠨ ᠭᠠᠵᠠᠷ ᠢ ᠰᠣᠩᠭᠤᠵᠤ ᠲᠠᠷᠢᠲᠠᠬ ᠪᠠᠶᠢᠵᠠᠢ ᠂ ᠬᠤᠯᠠᠨ ᠪᠤᠶ᠎ᠠ ᠤᠷᠭᠤᠭᠰᠠᠨ ᠭᠠᠵᠠᠷ ᠤᠨ ᠬᠥᠷᠥᠰᠥ ᠰᠢᠷᠣᠢ ᠶᠢᠨ ᠨᠥᠬᠦᠴᠡᠯ ᠰᠠᠶᠢᠨ ᠪᠠᠶᠢᠳᠠᠭ 》ᠭᠡᠵᠦ ᠲᠠᠨᠢᠯᠴᠠᠭᠤᠯᠤᠨ᠎ᠠ ᠃

ᠶᠡᠷᠦᠩᠬᠡᠢ ᠱᠦᠵᠢ ᠂ ᠬᠥᠮᠥᠨ ᠲᠥᠷᠥᠯᠬᠢᠲᠡᠨ ᠨᠡᠩ ᠰᠠᠶᠢᠲᠤᠷ ᠣᠷᠣᠰᠢᠨ ᠲᠣᠭᠲᠠᠨᠢᠵᠤ  ᠭᠡᠪᠡᠯ ᠡᠷᠬᠡᠪᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ ᠃ ᠡᠨᠡ ᠪᠣᠯ ᠨᠢᠭᠡᠨ ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠮᠥᠨ ᠂ ᠪᠠᠭ᠎ᠠ ᠯᠠ ᠰᠤᠯᠠᠷᠠᠭᠰᠠᠭᠠᠷ ᠳᠠᠭᠢᠨ ᠳᠠᠪᠲᠠᠨ ᠬᠢᠬᠦ ᠶᠠᠪᠤᠳᠠᠯ ᠭᠠᠷᠳᠠᠭ ᠭᠡᠵᠦ ᠴᠢᠬᠤᠯᠠᠴᠢᠯᠠᠪᠠ ᠃ ᠵᠤᠤ ᠵᠢᠶᠦ᠋ᠨ ᠯᠢᠩ ᠪᠠᠰᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠠᠮ ᠤᠷᠳᠤ ᠪᠠᠶᠢᠭᠰᠠᠭᠠᠷ ᠭᠡᠳᠡᠭ ᠢ ᠭᠦᠨᠵᠡᠭᠡᠢ ᠲᠠᠨᠢᠵᠤ ᠣᠯᠪᠠ ᠃ ᠵᠤᠤ ᠵᠢᠶᠦ᠋ᠨ ᠯᠢᠩ᠄ 《ᠬᠡᠷᠪᠡ ᠰᠠᠶᠢᠲᠤᠷ ᠬᠠᠮᠠᠭᠠᠯᠠᠪᠠᠯ ᠂ ᠡᠯᠡᠰᠦᠨ ᠴᠦᠯ ᠢ ᠨᠣᠭᠤᠭᠠᠨ ᠪᠦᠷᠢᠳᠦ ᠪᠤᠯᠭᠠᠵᠤ ᠪᠣᠯᠣᠨ᠎ᠠ ᠂ ᠭᠡᠲᠡᠯ᠎ᠡ ᠰᠠᠶᠢᠲᠤᠷ ᠬᠠᠮᠠᠭᠠᠯᠠᠵᠤ ᠳᠡᠶᠢᠯᠭᠦ ᠦᠭᠡᠢ ᠪᠣᠯ ᠂ ᠨᠣᠭᠤᠭᠠᠨ ᠪᠦᠷᠢᠳᠦ ᠴᠦ ᠡᠯᠡᠰᠦᠨ ᠴᠦᠯ ᠪᠣᠯᠵᠤ ᠬᠤᠪᠢᠷᠠᠵᠤ ᠮᠡᠳᠡᠨ᠎ᠠ ᠃ ᠪᠠᠶᠠᠨᠨᠠᠭᠤᠷ ᠬᠤᠳᠠ ᠶᠢᠨ ᠠᠮᠢ ᠠᠬᠤᠢ ᠶᠢᠨ ᠡᠯᠧᠮᠧᠨ᠋ᠲ ᠪᠦᠷᠢᠨ ᠭᠦᠢᠴᠡᠳ ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠳᠠᠬᠢ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ ᠂ ᠪᠢᠳᠡ ᠯᠠᠪᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠨᠡ ᠬᠦ ᠵᠠᠩᠭᠢᠯᠠᠭ᠎ᠠ ᠶᠢ ᠪᠠᠲᠤ ᠡᠵᠡᠮᠳᠡᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ 》ᠭᠡᠵᠦ ᠬᠡᠯᠡᠪᠡ  ᠃

《ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ ᠪᠤᠳᠤᠵᠤ ᠪᠠᠶᠢᠨ᠎ᠠ》 ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ 3.9 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠤᠭᠰᠠᠨ ᠤᠢ ᠰᠢᠭᠤᠢ ᠨᠢ ᠭᠤᠷᠪᠠᠨ ᠦᠶ᠎ᠡ ᠶᠢᠨ ᠬᠥᠮᠥᠰ ᠤᠨ ᠲᠡᠮᠡᠴᠡᠯ ᠠᠴᠠ ᠢᠷᠡᠯᠲᠡ ᠲᠠᠢ ᠶᠤᠮ ᠃ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠠᠵᠢᠯᠴᠢᠨ ᠤ ᠠᠮᠢᠳᠤᠷᠠᠯ ᠤᠨ ᠬᠢᠷᠢ ᠲᠦᠪᠰᠢᠨ ᠴᠦ ᠶᠡᠷᠦᠩᠬᠡᠢ ᠱᠦᠵᠢ ᠶᠢᠨ ᠰᠡᠳᠬᠢᠯ ᠠᠴᠠ ᠤᠶᠠᠭᠠᠲᠠᠢ ᠶᠠᠪᠤᠳᠠᠯ ᠪᠣᠯᠣᠨ᠎ᠠ ᠃ 《ᠶᠡᠷᠦᠩᠬᠡᠢ ᠱᠦᠵᠢ ᠪᠢᠳᠡᠨ ᠢ ᠰᠡᠳᠬᠢᠯ ᠳᠡᠭᠡᠨ ᠪᠤᠳᠤᠵᠤ ᠪᠠᠶᠢᠨ᠎ᠠ ᠂  ᠲᠡᠷᠡ ᠪᠠᠷ ᠪᠢᠳᠡᠨ ᠲᠠᠢ ᠭᠡᠷ ᠤᠨ ᠵᠣᠭᠤᠭ ᠳᠡᠯᠭᠡᠵᠦ ᠪᠠᠶᠢᠭ᠎ᠠ ᠮᠡᠲᠦ ᠤᠢ ᠰᠢᠭᠤᠢ ᠶᠢᠨ ᠲᠠᠯᠠᠪᠠᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠤᠢ ᠰᠢᠭᠤᠢ  ᠶᠢᠨ ᠲᠠᠯᠠᠪᠠᠢ ᠶᠢᠨ ᠠᠵᠢᠯᠲᠠᠨ ᠠᠵᠢᠯᠴᠢᠨ ᠤ ᠬᠥᠯᠥᠰᠦ ᠣᠯᠭᠤᠮᠵᠢ ᠵᠡᠷᠭᠡ ᠠᠰᠠᠭᠤᠳᠠᠯ ᠢ ᠠᠰᠠᠭᠤᠵᠤ ᠭᠠᠷᠤᠯ᠎ᠠ》ᠭᠡᠵᠦ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ ᠳᠠᠷᠤᠭ᠎ᠠ ᠳ᠋ᠦ᠋ ᠸᠧᠨ ᠬᠤᠸᠠ ᠬᠠᠯᠠᠭᠤᠨ ᠳᠣᠲᠣᠨᠣ ᠶᠠᠷᠢᠯᠴᠠᠭᠠᠨ ᠤ ᠪᠠᠨ ᠲᠤᠬᠠᠢ ᠡᠷᠭᠢᠴᠡᠭᠦᠯᠦᠨ ‌‍ᠲ᠋ᠠᠶᠢᠪᠤᠭᠤᠬᠠᠨ ᠶᠠᠷᠢᠨ᠎ᠠ  ᠃

ᠬᠥᠮᠥᠨ ᠤ ᠬᠦᠴᠦ ᠪᠠᠷ ᠤᠰᠤ ᠲᠠᠲᠠᠵᠤ ᠂ ᠬᠥᠮᠥᠨ ᠤ ᠬᠦᠴᠦ ᠪᠠᠷ ᠵᠤᠯᠵᠠᠭ᠎ᠠ ᠮᠣᠳᠣ ᠵᠥᠭᠡᠭᠡᠪᠦᠷᠢᠯᠡᠨ ᠂ ᠥᠩᠭᠡᠷᠡᠭᠰᠡᠨ ᠳᠤ ᠡᠯᠡᠰᠦᠨ ᠭᠦᠨ ᠳᠤ ᠮᠣᠳᠣ ᠲᠠᠷᠢᠬᠤ ᠳᠤ ᠵᠥᠪᠭᠡᠨ ᠬᠥᠮᠥᠨ ᠤ ᠬᠦᠴᠦᠨ ᠳᠤ ᠲᠦᠰᠢᠭᠯᠡᠵᠦ ᠂ ᠠᠵᠢᠯᠲᠠᠨ ᠠᠵᠢᠯᠴᠢᠨ ᠵᠤᠯᠵᠠᠭ᠎ᠠ ᠮᠣᠳᠦ ᠪᠠᠨ ᠲᠡᠪᠡᠷᠢᠭᠡᠳ ᠡᠯᠡᠰᠦᠨ ᠳᠤ ᠬᠡᠳᠦᠨ ᠺᠢᠯᠣᠮᠧᠲᠷ ᠠᠯᠬᠤᠨ᠎ᠠ ᠃ ᠳ᠋ᠦ᠋ ᠸᠧᠨ ᠬᠤᠸᠠ᠄ 《ᠲᠡᠷᠡ ᠦᠶ᠎ᠡ ᠳᠤ ᠵᠤᠯᠵᠠᠭ᠎ᠠ ᠮᠣᠳᠣᠨ ᠤ ᠡᠳᠡᠭᠡᠷᠡᠯᠲᠡ ᠶᠢᠨ ᠨᠣᠷᠮ᠎ᠠ ᠳᠣᠣᠷ᠎ᠠ ᠪᠠᠶᠢᠭᠰᠠᠨ ᠪᠣᠯᠬᠤᠷ ᠪᠠᠰᠠ ᠰᠡᠵᠢᠭᠯᠡᠭᠳᠡᠵᠦ ᠥᠩᠭᠡᠷᠡᠭᠰᠡᠨ ᠶᠤᠮ ᠃  ᠭᠡᠪᠡᠴᠦ ᠨᠢᠭᠡ ᠮᠣᠳᠣ ᠠᠮᠢᠳᠤ ᠪᠠᠶᠢᠳᠠᠭ ᠯᠠ ᠶᠤᠮ ᠪᠣᠯ ᠮᠠᠨ ᠤ ᠴᠢᠭᠯᠡᠯ ᠪᠠ ᠠᠷᠭ᠎ᠠ ᠵᠥᠪ ᠪᠤᠯᠬᠤ ᠶᠢ ᠭᠡᠷᠡᠴᠢᠯᠡᠨ᠎ᠡ》ᠭᠡᠵᠦ ᠶᠠᠷᠢᠨ᠎ᠠ ᠃ ᠣᠳᠣᠬᠠᠨ ᠳᠤ ᠂ ᠣᠶ ᠰᠢᠭᠤᠢ ᠶᠢᠨ ᠲᠠᠯᠠᠪᠠᠶ ᠶᠢᠨ 80 ᠭᠠᠷᠤᠢ ᠵᠦᠢᠯ ᠤᠨ ᠬᠡᠭᠡᠷ᠎ᠡ ᠶᠢᠨ ᠠᠮᠢᠲᠠᠨ ᠪᠠ 30 ᠭᠠᠷᠤᠢ ᠵᠦᠢᠯ ᠤᠨ ᠤᠷᠭᠤᠮᠠᠯ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠵᠤ ᠂  ᠬᠠᠶᠢᠯᠠᠷ ᠨᠠᠷᠠᠰᠤ ᠂ ᠭᠠᠴᠤᠷ᠎ᠠ ᠵᠡᠷᠭᠡ ᠥᠩᠭᠡᠷᠡᠭᠰᠡᠨ ᠳᠤ ᠣᠷᠣᠰᠢᠨ ᠠᠮᠢᠳᠤᠷᠠᠬᠤ ᠳᠤ ᠬᠦᠴᠢᠷᠲᠡᠢ ᠪᠠᠶᠢᠭᠰᠠᠨ ᠮᠣᠳᠣᠨ ᠤ ᠲᠥᠷᠥᠯ ᠴᠦ ᠢᠳᠡᠯᠢᠭ ᠤᠷᠭᠤᠵᠤ ᠪᠠᠶᠢᠨ᠎ᠠ ᠃

ᠰᠠᠶᠢᠨ ᠰᠠᠶᠢᠬᠠᠨ ᠠᠮᠢ ᠠᠬᠤᠢ ᠶᠢᠨ ᠲᠤᠰ ᠪᠡᠶ᠎ᠡ ᠳᠤ ᠠᠵᠤ ᠠᠬᠤᠢ ᠨᠡᠶᠢᠭᠡᠮ ᠤᠨ ᠦᠷᠳᠡᠭ ᠠᠭᠤᠯᠤᠭᠳᠠᠵᠤ ᠪᠠᠶᠢᠳᠠᠭ ᠃ ᠲᠥᠰᠥᠭᠡᠯᠡᠨ ᠪᠤᠳᠣᠬᠰᠠᠨ ᠢᠶᠠᠷ ᠂  《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠨᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢ ᠰᠠᠶᠢᠵᠢᠷᠠᠭᠤᠯᠵᠤ ᠂ ᠲᠠᠷᠢᠮᠠᠯ  ᠤᠨ ᠵᠦᠢᠯ ᠤᠨ ᠤᠨᠠᠯᠲᠠ ᠶᠢ 15% ᠣᠷᠴᠢᠮ ᠨᠡᠮᠡᠭᠳᠡᠭᠦᠯᠵᠦ ᠂ ᠮᠦ ᠪᠦᠷᠢ ᠶᠢᠨ ᠳᠤᠮᠳᠠᠴᠢ ᠣᠷᠣᠯᠭ᠎ᠠ ᠶᠢ 200 ᠲᠥᠭᠦᠷᠢᠭ ᠣᠷᠴᠢᠮ ᠨᠡᠮᠡᠭᠳᠡᠭᠦᠯᠵᠦ ᠂  ᠲᠠᠷᠢᠶᠠᠴᠢᠳ ᠤᠨ ᠬᠥᠮᠥᠨ ᠳᠤᠮᠳᠠᠴᠢ ᠣᠷᠣᠯᠭ᠎ᠠ ᠶᠢ 1500 ᠲᠥᠭᠦᠷᠢᠭ ᠣᠷᠴᠢᠮ ᠨᠡᠮᠡᠭᠳᠡᠭᠦᠯᠪᠡ ᠃ ᠣᠢ ᠰᠢᠭᠤᠢ ᠶᠢᠨ ᠲᠠᠯᠠᠪᠠᠢ ᠪᠠᠰᠠ ᠠᠮᠢ ᠠᠬᠤᠢ ᠶᠢᠨ ᠦᠷ᠎ᠡ ᠠᠰᠢᠭ ᠢ ᠠᠳᠬᠤᠵᠤ ᠂ ᠣᠯᠠᠨ ᠶᠠᠩᠵᠤ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ ᠡᠬᠢᠯᠡᠪᠡ ᠃

ᠠᠮᠢ ᠠᠬᠤᠢ ᠦᠷᠭᠦᠯᠵᠢᠯᠡᠨ ᠰᠠᠶᠢᠵᠢᠷᠠᠵᠤ ᠂ ᠤᠢ ᠰᠢᠭᠤᠢ ᠶᠢᠨ ᠠᠵᠢᠯᠲᠠᠨ ᠠᠵᠢᠯᠴᠢᠨ ᠤ ᠣᠷᠣᠯᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ ᠂ ᠳ᠋ᠦ᠋ ᠸᠧᠨ ᠬᠤᠸᠠ ᠡᠳᠡᠭᠡᠷ ᠪᠠᠶᠢᠳᠠᠯ ᠢ ᠨᠢᠭᠡᠳ ᠨᠢᠭᠡ ᠪᠠᠷ ᠶᠡᠷᠦᠩᠬᠡᠢ ᠱᠦᠵᠢ ᠳᠤ ᠬᠠᠷᠢᠭᠤ ᠮᠡᠳᠡᠭᠦᠯᠵᠦ ᠂ ᠶᠡᠷᠦᠩᠬᠡᠢ ᠱᠦᠵᠢ ᠰᠠᠨᠠᠭ᠎ᠠ ᠠᠮᠤᠷ ᠪᠠᠶᠢᠵᠤ ᠂ ᠣᠯᠠᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠢ ᠬᠦᠰᠡᠪᠡ ︕

ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠬᠤ ᠬᠡᠷᠡᠭᠲᠡᠢ᠃ 40 ᠭᠠᠷᠤᠢ ᠵᠢᠯ ᠳᠤ ᠂ ᠳᠤᠮᠳᠠᠳᠤ ᠤᠯᠤᠰ ᠳᠡᠯᠡᠬᠡᠢ ᠳ᠋ᠠᠬᠢᠨ ᠢ ᠳᠣᠩᠰᠣᠯᠭᠠᠮ᠎ᠠ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠪᠠ ᠃

1978 ᠣᠨ ᠳᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠷᠠᠭᠤᠨ ᠬᠤᠶᠢᠲᠤ ᠣᠷᠣᠨ ᠂ ᠤᠮᠠᠷᠠᠲᠤ ᠣᠷᠣᠨ ᠤ ᠬᠤᠶᠢᠲᠤ ᠬᠡᠰᠡᠭ ᠂ ᠵᠡᠭᠦᠨ ᠬᠤᠶᠢᠲᠤ ᠣᠷᠣᠨ ᠤ ᠪᠠᠷᠠᠭᠤᠨ ᠬᠡᠰᠡᠭ ᠤᠨ ᠰᠠᠯᠬᠢ ᠡᠯᠡᠰᠦᠨ ᠤ ᠬᠥᠨᠥᠭᠡᠯ ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠭᠠᠵᠠᠷ ᠣᠷᠣᠨ ᠳᠤ 《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠢᠨᠵᠧᠨᠧᠷᠢᠩ ᠢ ᠪᠠᠶᠢᠭᠤᠯᠬᠤ ᠪᠠᠷ ᠲᠣᠭᠲᠠᠵᠤ ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠶᠡᠭᠡ ᠬᠥᠮᠥᠨ ᠤ ᠬᠦᠴᠦᠨ ᠤ ᠠᠮᠢ ᠠᠬᠤᠢ ᠶᠢᠨ ᠣᠶ ᠰᠢᠭᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠡᠬᠢᠯᠡᠭᠰᠡᠨ ᠪᠠᠶᠢᠨ᠎ᠠ ᠃ ᠡᠳᠦᠷ ᠰᠥᠨᠢ ᠶᠢᠨ ᠰᠣᠯᠢᠭᠳᠠᠯ ᠂ ᠳᠦᠷᠪᠡᠨ ᠤᠯᠠᠷᠢᠯ ᠤᠨ ᠡᠷᠭᠢᠯᠲᠡ ᠳᠤ ᠂ ᠤᠮᠠᠷᠠᠲᠤ ᠶᠢᠨ ᠭᠤᠷᠪᠠᠨ ᠣᠷᠣᠨ ᠤ ᠬᠥᠮᠥᠰ ᠡᠯᠡᠰᠦ ᠲᠠᠢ ᠲᠡᠮᠡᠴᠡᠬᠦ ᠪᠠᠨ ᠶᠡᠷᠦ ᠠᠴᠠ ᠵᠣᠭᠰᠣᠭᠰᠠᠨ ᠦᠭᠡᠢ ᠃ ᠬᠡᠳᠦᠨ ᠦᠶ᠎ᠡ ᠶᠢᠨ ᠬᠥᠮᠥᠰ ᠂ ᠲᠦᠭ ᠲᠦᠮᠡᠨ ᠠᠷᠠᠳ ᠤᠯᠠᠨ ᠤ ᠬᠠᠯᠠᠰᠢᠷᠠᠯ ᠦᠭᠡᠢ ᠲᠡᠮᠡᠴᠡᠯ ᠢᠶᠠᠷ ᠳᠡᠮᠵᠢᠨ ᠂ ᠰᠠᠯᠬᠢ ᠡᠯᠡᠰᠦ ᠶᠢ ᠬᠠᠮᠲᠤ ᠪᠠᠷ ᠰᠡᠷᠭᠡᠶᠢᠯᠡᠨ ᠬᠤᠷᠢᠭᠯᠠᠬᠤ ᠂ ᠬᠥᠷᠥᠰᠥ ᠰᠢᠷᠣᠢ ᠶᠢ ᠬᠠᠮᠠᠭᠠᠯᠠᠬᠤ ᠂ ᠲᠠᠷᠢᠶᠠᠯᠠᠩ ᠢ ᠬᠠᠮᠠᠭᠠᠯᠠᠨ ᠮᠠᠯ ᠠᠵᠤ ᠠᠬᠤᠢ ᠶᠢ ᠬᠥᠭᠵᠢᠭᠦᠯᠬᠦ ᠨᠣᠮᠢᠨ ᠨᠣᠭᠤᠭᠠᠨ ᠬᠠᠯᠬᠠᠪᠴᠢ ᠡᠬᠡ ᠤᠯᠤᠰ ᠤᠨ ᠤᠮᠠᠷᠠᠲᠤ ᠬᠢᠯᠢ ᠳᠤ ᠰᠡᠬᠦᠶᠢᠨ ᠰᠦᠨᠳᠡᠷᠯᠡᠪᠡ ᠃

ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠠᠭᠠᠨ ᠂ ᠶᠡᠷᠦᠩᠬᠡᠢ ᠱᠦᠵᠢ ᠥᠪᠥᠷ ᠮᠣᠩᠭᠤᠯ ᠤᠨ《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠢ ᠬᠡᠷᠡᠭᠵᠢᠭᠦᠯᠬᠦ ᠬᠡᠪᠴᠢᠶᠡᠨ ᠤ ᠲᠠᠷᠬᠠᠯᠲᠠ ᠶᠢᠨ ᠵᠢᠷᠤᠭ ᠤᠨ ᠡᠮᠦᠨ᠎ᠡ ᠵᠤᠬᠰᠤᠬᠤ ᠳᠤ ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠸᠠᠩ ᠵᠤᠤ ᠱᠧᠩ ᠶᠡᠷᠦᠩᠬᠡᠢ ᠱᠦᠵᠢ ᠳᠤ ᠥᠪᠥᠷ ᠮᠣᠩᠭᠤᠯ ᠤᠨ 《ᠤᠮᠠᠷᠠᠲᠤ ᠶᠢᠨ ᠭᠤᠷᠪᠠᠨ ᠣᠷᠣᠨ》  ᠤ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ ᠃ 《ᠪᠢᠳᠡ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠢ ᠬᠡᠷᠡᠭᠵᠢᠭᠦᠯᠬᠦ ᠬᠡᠪᠴᠢᠶᠡᠨ ᠤ ᠲᠠᠷᠬᠠᠯᠲᠠ ᠶᠢᠨ ᠵᠢᠷᠤᠭ ᠤᠨ ᠡᠮᠦᠨ᠎ᠡ ᠬᠦᠷᠬᠦ ᠳᠤ ᠂ ᠶᠡᠷᠦᠩᠬᠡᠢ ᠱᠦᠵᠢ ᠶᠡᠭᠡ ᠬᠢᠩᠭᠠᠨ ᠳᠠᠪᠠᠭ᠎ᠠ ᠶᠢ ᠬᠠᠷᠠᠵᠤ ᠂ ᠨᠠᠳᠠ ᠠᠴᠠ ᠶᠡᠭᠡ ᠬᠢᠩᠭᠠᠨ ᠳᠠᠪᠠᠭ᠎ᠠ ᠤᠳᠤ ᠶᠠᠮᠠᠷ ᠵᠡᠷᠭᠡ ᠪᠠᠶᠢᠨ᠎ᠠ ᠪᠤᠢ︖ ᠭᠡᠵᠦ ᠠᠰᠠᠭᠤᠪᠠ   ᠪᠢ ᠶᠡᠷᠦᠩᠬᠡᠢ ᠱᠦᠵᠢ ᠳᠤ ᠂ ᠶᠡᠭᠡ ᠬᠢᠩᠭᠠᠨ ᠳᠠᠪᠠᠭ᠎ᠠ ᠤᠳᠤ ᠨᠢᠭᠡᠨᠲᠡ ᠮᠣᠳᠣ ᠣᠭᠲᠣᠯᠬᠤ ᠪᠠᠨ ᠵᠣᠭᠰᠣᠵᠤ᠂ ᠪᠠᠶᠢᠭᠠᠯᠢ ᠪᠠ ᠤᠢ ᠰᠢᠭᠤᠢ ᠮᠠᠰᠢ ᠰᠠᠶᠢᠨ ᠰᠡᠷᠭᠦᠵᠦ ᠪᠠᠶᠢᠨ᠎ᠠ ᠭᠡᠵᠦ ᠬᠠᠷᠢᠭᠤᠯᠪᠠ 》 ᠭᠡᠵᠦ ᠸᠠᠩ ᠵᠤᠤ ᠱᠧᠩ ᠶᠠᠷᠢᠯ᠎ᠠ ᠃

ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ ᠂ 《ᠤᠮᠠᠷᠠᠲᠤ ᠶᠢᠨ ᠭᠤᠷᠪᠠᠨ ᠣᠷᠣᠨ》 ᠢ ᠰᠤᠨᠳᠠᠯᠠᠨ ᠂ ᠠᠮᠢ ᠠᠬᠤᠢ ᠣᠷᠴᠢᠨ ᠲᠣᠭᠤᠷᠢᠨ ᠬᠡᠪᠡᠷᠡᠭ ᠪᠠᠶᠢᠳᠠᠭ ᠃ 《ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ》《ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ 》《ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ ᠂ ᠦᠶ᠎ᠡ ᠶᠢᠨ ᠦᠶ᠎ᠡ ᠳᠡᠭᠡᠨ ᠴᠢᠷᠮᠠᠶᠢᠨ ᠠᠵᠢᠯᠯᠠᠬᠤ ᠬᠡᠷᠡᠭᠲᠡᠢ》᠁ ᠶᠡᠷᠦᠩᠬᠡᠢ ᠱᠦᠵᠢ ᠢᠮᠠᠭᠲᠠ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠬᠦᠨᠳᠦ ᠨᠠᠶᠢᠳᠠᠯᠭ᠎ᠠ ᠲᠠᠯᠪᠢᠭᠰᠠᠭᠠᠷ ᠢᠷᠡᠵᠡᠶ ᠃

《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ ᠂ ᠴᠥᠯᠯᠡᠷᠭᠡᠭᠵᠢᠭᠰᠡᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠦᠷᠭᠦᠯᠵᠢᠯᠡᠨ ᠠᠭᠢᠭᠤᠯᠪᠠ ︔ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ ᠣᠷᠣᠨ ᠢ 18 ᠪᠠᠶᠢᠭᠤᠯᠵᠤ ᠂ 《ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠥᠨᠵᠢᠭᠦᠯᠬᠦ ᠬᠠᠮᠢᠶᠠᠷᠤᠯᠲᠠ ᠶᠢᠨ ᠳᠦᠷᠢᠮ》 ᠢ ᠨᠡᠶᠢᠲᠡᠯᠡᠵᠦ ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠷᠢᠮᠲᠠᠯᠠᠪᠠ ︔ ᠮᠡᠷᠭᠡᠵᠢᠯ ᠤᠨ ᠳᠦᠷᠢᠮ ᠳᠤ ᠵᠠᠰᠠᠪᠤᠷᠢ ᠣᠷᠣᠭᠤᠯᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ  ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠨ ᠵᠢᠱᠢᠶ᠎ᠡ ᠦᠵᠡᠭᠦᠯᠭᠦ ᠶᠡᠭᠡ ᠬᠡᠮᠵᠢᠶᠡᠨ ᠤ ᠲᠥᠷᠥᠯ ᠵᠦᠢᠯ ᠢ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ ︔ ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ ᠣᠶ ᠰᠢᠭᠤᠢ ᠡᠯᠡᠰᠦᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠂ ᠣᠶ ᠰᠢᠭᠤᠢ ᠡᠯᠡᠰᠦᠨ ᠤ ᠠᠵᠤ ᠦᠢᠯᠡᠰ ᠤᠨ ᠬᠡᠪᠴᠢᠶᠡᠵᠢᠭᠰᠡᠨ ᠂ ᠡᠷᠴᠢᠮᠵᠢᠭᠰᠡᠨ ᠂ ᠰᠢᠯᠢᠳᠡᠭᠵᠢᠭᠰᠡᠨ ᠴᠢᠭᠯᠡᠯ ᠢᠶᠠᠷ ᠬᠥᠭᠵᠢᠬᠦ ᠶᠢ ᠳᠠᠶᠢᠴᠢᠯᠠᠪᠠ᠃ ᠥᠪᠥᠷ ᠮᠣᠩᠭᠤᠯ ᠶᠠᠭ ᠦᠢᠯᠡᠳᠦᠯᠭᠡ ᠶᠢᠨ ᠳᠤᠮᠳᠠ ᠡᠯᠡᠰᠦ ᠶᠢ ᠨᠣᠮᠣᠬᠠᠳᠬᠠᠬᠤ ᠶᠢ ᠰᠦᠪᠡᠭᠴᠢᠯᠡᠵᠦ ᠂ ᠨᠣᠭᠤᠭᠠᠷᠠᠭᠤᠯᠤᠯᠲᠠ ᠶᠢ ᠪᠡᠶᠡᠯᠡᠭᠦᠯᠵᠦ ᠪᠠᠶᠢᠨ᠎ᠠ ᠃  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ  ᠂ ᠥᠪᠥᠷ ᠮᠣᠩᠭᠤᠯ 1.22 ᠳ᠋ᠦᠩᠰᠢᠭᠤᠷ ᠮᠦ ᠣᠶᠢᠵᠢᠭᠤᠯᠵᠤ ᠂ 2.86 ᠳ᠋ᠦᠩᠰᠢᠭᠤᠷ ᠮᠦ ᠡᠪᠡᠰᠦ ᠳᠠᠷᠢᠵᠤ ᠂ ᠵᠢᠯ ᠳᠤᠮᠳᠠᠴᠢ ᠪᠠᠷ 1200 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ ᠂ ᠬᠡᠪᠴᠢᠶ᠎ᠡ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠪᠠ ᠃ ᠪᠦᠭᠦ ᠣᠷᠣᠨ ᠤ ᠠᠮᠢ ᠠᠬᠤᠢ ᠣᠷᠴᠢᠨ ᠲᠣᠭᠤᠷᠢᠨ 《ᠪᠦᠬᠦᠯᠢ ᠴᠣᠭᠴᠠ ᠪᠠᠷ ᠬᠤᠷᠢᠭᠯᠠᠵᠤ ᠂ ᠬᠡᠰᠡᠭ ᠲᠠᠯ᠎ᠠ ᠪᠠᠷ ᠰᠠᠶᠢᠵᠢᠷᠠᠭᠰᠠᠨ》 ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠦᠷᠭᠦᠯᠵᠢᠯᠡᠨ ᠪᠠᠭᠠᠰᠪᠠ ᠃

《ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠬᠥᠮᠥᠰ ᠢ ᠵᠣᠷᠢᠭᠵᠢᠭᠤᠯᠤᠭᠰᠠᠨ ᠪᠥᠭᠡᠳ ᠮᠠᠨ ᠤ ᠢᠷᠡᠭᠡᠳᠦᠢ ᠶᠢᠨ ᠠᠵᠢᠯ ᠳᠤ ᠬᠢᠵᠠᠭᠠᠯᠠᠰᠢ ᠦᠭᠡᠢ ᠬᠥᠳᠡᠯᠭᠡᠬᠦ ᠬᠦᠴᠦᠨ ᠢ ᠠᠪᠴᠢᠷᠠᠵᠤ ᠥᠭᠴᠡᠢ》ᠭᠡᠵᠦ ᠸᠠᠩ ᠵᠤᠤ ᠱᠧᠩ ᠡᠷᠡᠰ ᠪᠠᠲᠤ ᠬᠡᠯᠡᠪᠡ ᠃ 2021 ᠣᠨ ᠠᠴᠠ 2030 ᠣᠨ ᠪᠣᠯ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠂ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ ᠃ ᠸᠠᠩ ᠵᠣᠣ ᠱᠧᠩ᠄《ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠂  ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠤᠶ ᠪᠤᠯᠭᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠨ᠎ᠡ 》ᠭᠡᠵᠦ ᠢᠯᠡᠳᠬᠡᠪᠡ ᠃

ᠬᠥᠬᠡᠮᠳᠦᠭ ᠨᠣᠭᠤᠭᠠᠨ ᠢ ᠬᠥᠭᠡᠭᠡᠴᠡᠯᠳᠦᠵᠦ ᠂ ᠬᠦᠰᠡᠯ ᠵᠡᠭᠦᠳᠦ ᠪᠠᠨ ᠲᠡᠷᠭᠡᠯᠰᠢᠭᠦᠯᠦᠨᠡᠮ ᠃ ᠶᠡᠷᠦᠩᠬᠡᠢ ᠱᠦᠵᠢ ᠶᠢᠨ ᠪᠣᠳᠣᠯᠬᠢᠯᠠᠯ ᠪᠣᠯ ᠵᠢᠷᠤᠭᠯᠠᠨ ᠪᠢᠴᠢᠭᠰᠡᠨ ᠠᠤᠭ᠎ᠠ ᠶᠡᠭᠡ ᠠᠷᠭ᠎ᠠ ᠪᠣᠳᠣᠯᠭ᠎ᠠ ᠪᠣᠯᠣᠨ᠎ᠠ ︔ ᠶᠡᠷᠦᠩᠬᠡᠢ ᠱᠦᠵᠢ ᠶᠢᠨ ᠬᠠᠯᠠᠮᠵᠢᠯᠠᠯ ᠪᠣᠯ ᠲᠣᠮᠣ ᠤᠯᠤᠰ ᠤᠨ ᠤᠳᠤᠷᠢᠳᠤᠭᠴᠢ ᠶᠢᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠮᠥᠨ ᠃ ᠤᠮᠠᠷᠠᠲᠤ ᠬᠢᠯᠢ ᠶᠢᠨ ᠬᠥᠪᠡᠭᠦᠳ ᠥᠬᠢᠳ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ ᠂ ᠡᠬᠡ ᠤᠯᠤᠰ ᠤᠨ ᠤᠮᠠᠷᠠᠲᠤ ᠬᠢᠯᠢ ᠳᠤ ᠰᠡᠬᠦᠶᠢᠨ ᠰᠦᠨᠳᠡᠷᠯᠡᠭᠰᠡᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠪᠣᠯᠭᠠᠨ᠎ᠠ ᠃

 


   :                    
   :           
备案序号:蒙ICP备05003250号 公安备案15010502000173