ᠵᠤᠬᠢᠶᠠᠭᠴᠢ: ᠴᠠᠭ:2023-06-09 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ

 

ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠵᠠᠢ ᠃ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ  ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ ᠂ 《 ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ  ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠵᠤ ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠭᠠᠯᠪᠠ ᠳᠤ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠣᠨ᠎ᠠ ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠵᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ  ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ᠃

6  ᠰᠠᠷ᠎ᠠ ᠶᠢᠨ 6 ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ 《 ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃

ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠤᠨ ᠪᠠᠶᠠᠨᠨᠠᠭᠤᠷ ᠤᠨ 6  ᠰᠠᠷ᠎ᠠ ᠶᠢᠨ 6 ᠤ  ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠳᠤ ᠰᠢᠨᠵᠢᠯᠡᠨ ᠪᠠᠶᠢᠴᠠᠭᠠᠵᠤ ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ 《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ ᠂ 《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠵᠤ ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠭᠠᠯᠪᠠ ᠳᠤ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠣᠨ᠎ᠠ ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠂  ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠵᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃

5 — 6 ᠤ ᠡᠳᠦᠷ ᠂ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠪᠠᠷ᠎ᠠ ᠪᠤᠯᠣᠯᠭ᠎ᠠ ᠲᠠᠢ ᠪᠠᠷ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠂ ᠣᠶ ᠰᠢᠭᠤᠢ ᠶᠢᠨ ᠲᠠᠯᠠᠪᠠᠶ ᠂  ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ ᠃

ᠬᠠᠲᠤᠨ ᠭᠤᠣᠯ ᠤᠨ 《ᠶᠡᠭᠡ ᠲᠣᠬᠤᠢ》 ᠶᠢᠨ ᠣᠷᠣᠢ ᠳᠤ ᠪᠠᠶᠢᠷᠢᠯᠠᠵᠤ ᠪᠠᠶᠢᠭ᠎ᠠ ᠤᠯᠠᠭᠠᠨᠰᠤᠬᠠᠢ ᠨᠠᠭᠤᠷ ᠪᠣᠯ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠨᠤᠭᠤ ᠭᠠᠵᠠᠷ ᠪᠠᠶᠢᠵᠤ ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠂ ᠤᠰᠤᠨ ᠤ ᠴᠢᠨᠠᠷ ᠢ ᠴᠡᠪᠡᠷᠰᠢᠭᠦᠯᠬᠦ ᠂  ᠰᠥᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠴᠢᠬᠤᠯᠠ ᠴᠢᠳᠠᠮᠵᠢ ᠶᠢ ᠡᠭᠦᠷᠭᠡᠯᠡᠵᠦ ᠂ ᠮᠠᠨ ᠤ ᠤᠯᠤᠰ ᠤᠨ ᠤᠮᠠᠷᠠᠲᠤ ᠶᠢᠨ ᠣᠯᠠᠨ ᠠᠮᠢ ᠠᠬᠤᠢ ᠶᠢᠨ ᠴᠢᠳᠠᠮᠵᠢ ᠶᠢᠨ ᠠᠭᠤᠯᠵᠠᠷ ᠣᠷᠣᠨ ᠪᠠᠶᠢᠵᠤ ᠂ ᠪᠡᠭᠡᠵᠢᠩ ᠲᠢᠶᠠᠨᠵᠢᠨ ᠤ ᠡᠷᠭᠢᠨ ᠲᠣᠭᠣᠷᠢᠨ ᠤ ᠰᠠᠯᠬᠢ ᠡᠯᠡᠰᠦᠨ ᠤ ᠡᠬᠢ ᠶᠢ ᠡᠵᠡᠮᠳᠡᠬᠦ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠣᠨ᠎ᠠ ᠃  5 ᠤ  ᠦᠳᠡ ᠶᠢᠨ ᠬᠤᠶᠢᠨ᠎ᠠ ᠂ ᠰᠢ ᠶᠢᠨ ᠫᠢᠩ ᠠᠳᠡ ᠢᠷᠡᠵᠦ ᠂ ᠲᠤᠬᠠᠢ ᠶᠢᠨ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠪᠠᠶᠢᠬᠤ ᠂ ᠠᠮᠢ ᠠᠬᠤᠢ ᠣᠷᠴᠢᠨ ᠲᠣᠭᠤᠷᠢᠨ ᠤ ᠰᠡᠷᠭᠦᠯᠲᠡ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠵᠤ ᠂ ᠤᠯᠠᠭᠠᠨᠰᠤᠬᠠᠢ ᠶᠢᠨ ᠪᠠᠶᠢᠭᠠᠯᠢ ᠶᠢᠨ ᠳᠦᠷᠰᠦ ᠪᠠᠶᠢᠳᠠᠯ ᠪᠣᠯᠣᠨ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ ᠃ ᠰᠢ ᠶᠢᠨ ᠫᠢᠩ ᠂ ᠤᠯᠠᠭᠠᠨᠰᠤᠬᠠᠢ ᠶᠢᠨ ᠰᠠᠪᠠ ᠭᠠᠵᠠᠷ ᠢ ᠰᠠᠶᠢᠲᠤᠷ ᠵᠠᠰᠠᠬᠤ  ᠨᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ ᠤᠯᠠᠭᠠᠨᠰᠤᠬᠠᠢ ᠶᠢᠨ ᠵᠠᠰᠠᠯᠲᠠ ᠪᠠ ᠬᠠᠮᠠᠭᠠᠯᠠᠯᠲᠠ ᠶᠢᠨ ᠴᠢᠭᠯᠡᠯ  ᠨᠢ ᠲᠣᠳᠣᠷᠬᠠᠢ ᠶᠤᠮ ᠂ ᠰᠡᠳᠬᠢᠯ ᠲᠠᠯᠪᠢᠨ ᠵᠠᠰᠠᠵᠤ ᠂ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ ᠂ ᠢᠮᠠᠭᠲᠠ   ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠂ ᠡᠨᠡ ᠬᠦ 《 ᠠᠷᠤ ᠭᠠᠵᠠᠷ ᠤᠨ ᠬᠡᠷᠡᠯᠳᠦ ᠰᠤᠪᠤᠳ 》 ᠢ ᠰᠠᠶᠢᠲᠤᠷ ᠰᠠᠬᠢᠨ ᠬᠠᠮᠠᠭᠠᠯᠠᠵᠤ ᠂ ᠦᠷ᠎ᠡ ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠲᠠᠢ ᠂ ᠰᠢᠨ᠎ᠡ ᠰᠣᠷᠭᠤᠭ ᠠᠭᠠᠷ ᠮᠠᠨᠳᠠᠯ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ ᠃

ᠳᠠᠷᠠᠭ᠎ᠠ ᠨᠢ᠂ ᠰᠢ ᠶᠢᠨ ᠫᠢᠩ ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠤ ᠪᠠᠶᠢᠷᠢᠯᠠᠭ᠎ᠠ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠬᠦᠷᠴᠦ ᠂ ᠬᠥᠷᠥᠰᠥ ᠰᠢᠷᠣᠢ ᠂ ᠦᠷ᠎ᠡ ᠶᠢᠨ ᠥᠯᠢᠭᠡᠷ ᠵᠡᠷᠭᠡ ᠶᠢ ᠪᠠᠶᠢᠴᠠᠭᠠᠨ ᠦᠵᠡᠵᠦ ᠂ ᠲᠤᠬᠠᠢ ᠶᠢᠨ ᠭᠠᠵᠠᠷ ᠤᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠠᠬᠢᠭᠤᠯᠬᠤ ᠂ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠠᠵᠢᠯ ᠢ ᠥᠷᠨᠢᠭᠦᠯᠦᠭᠰᠡᠨ ᠢ ᠨᠤᠲᠠᠯᠠᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠲᠠᠷᠢᠶᠠᠨ ᠭᠠᠵᠠᠷ ᠲᠤ ᠬᠦᠷᠴᠦ ᠂ ᠪᠤᠭᠤᠳᠠᠢ ᠂  ᠯᠠᠵᠤᠤ ᠶᠢᠨ ᠤᠷᠭᠤᠴᠠ ᠶᠢ ᠨᠠᠷᠢᠨ ᠪᠠᠶᠢᠴᠠᠭᠠᠨ ᠦᠵᠡᠵᠦ ᠂ ᠲᠤᠬᠠᠢ ᠶᠢᠨ ᠲᠠᠯᠠᠪᠠᠢ ᠶᠢᠨ ᠬᠥᠳᠡᠭᠡ ᠠᠵᠤ ᠠᠬᠤᠢ ᠶᠢᠨ ᠮᠡᠷᠭᠡᠵᠢᠯᠲᠡᠨ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠯᠠᠪᠯᠠᠨ ᠠᠰᠠᠭᠤᠪᠠ ᠃ ᠲᠡᠷᠡ ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ  ᠨᠢ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ ᠬᠦ ᠪᠠᠳᠠᠷᠠᠭᠤᠯᠵᠤ ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠂ ᠠᠳᠡ ᠲᠣᠬᠢᠷᠠᠬᠤ ᠲᠥᠷᠥᠯ ᠵᠦᠢᠯ ᠂ ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠶᠢ ᠣᠯᠵᠤ ᠂ ᠥᠪᠡᠷ ᠤᠨ ᠥᠷᠲᠡᠭ ᠢ ᠪᠠᠭᠤᠷᠠᠭᠤᠯᠵᠤ ᠂ ᠦᠷ᠎ᠡ ᠠᠰᠢᠭ ᠢ ᠳᠡᠭᠡᠭᠰᠢᠯᠡᠭᠦᠯᠵᠦ ᠂  ᠳᠠᠭᠤᠷᠢᠶᠠᠵᠤ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ ᠃ ᠪᠣᠷᠣᠳᠣᠬᠤᠢ ᠶᠢᠨ ᠭᠠᠵᠠᠷ ᠣᠷᠣᠨ ᠤ ᠨᠥᠬᠦᠴᠡᠯ ᠣᠨᠴᠠᠭᠠᠢ ᠰᠠᠶᠢᠨ ᠂  ᠬᠡᠳᠦᠶᠢᠪᠡᠷ ᠤᠰᠤ ᠳᠤᠲᠠᠭᠳᠠᠬᠤ ᠦᠭᠡᠢ ᠪᠤᠯᠪᠠᠴᠤ ᠡᠷᠬᠡᠪᠰᠢ ᠤᠰᠤᠨ ᠤ ᠡᠬᠢ ᠪᠠᠶᠠᠯᠢᠭ ᠢ ᠠᠷᠪᠢᠯᠠᠵᠤ ᠂ ᠤᠳᠤ ᠦᠶ᠎ᠡ ᠶᠢᠨ ᠥᠨᠳᠥᠷ ᠦᠷ᠎ᠡ ᠠᠰᠢᠭ ᠲᠠᠢ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠵᠤ ᠪᠤᠯᠬᠤ ᠦᠭᠡᠢ ᠃ ᠶᠡᠷᠦᠩᠬᠡᠢ ᠳᠤᠨᠢ ᠠᠪᠴᠤ ᠦᠵᠡᠪᠡᠯ ᠂ ᠥᠪᠥᠷ ᠮᠣᠩᠭᠤᠯ ᠤᠨ ᠨᠤᠲᠤᠭ ᠪᠡᠯᠴᠢᠭᠡᠷ ᠲᠤ ᠨᠢᠭᠡᠨᠲᠡ ᠪᠡᠯᠴᠢᠭᠡᠷ ᠤᠨ ᠳᠠᠭᠠᠭᠠᠴᠠ ᠠᠴᠠ ᠳᠠᠪᠠᠭᠤᠯᠤᠨ ᠮᠠᠯᠵᠢᠭᠰᠠᠨ ᠪᠠᠶᠢᠨ᠎ᠠ ᠂ ᠥᠨᠵᠢᠭᠦᠯᠦᠨ ᠰᠡᠷᠭᠦᠭᠡᠬᠦ ᠶᠢ ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ ᠃

6 ᠤ  ᠦᠳᠡ ᠶᠢᠨ ᠡᠮᠦᠨ᠎ᠡ ᠂ ᠰᠢ ᠶᠢᠨ ᠫᠢᠩ  ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠬᠦᠷᠴᠦ ᠂ 《ᠤᠮᠠᠷᠠᠲᠤ ᠶᠢᠨ ᠭᠤᠷᠪᠠᠨ ᠣᠷᠣᠨ 》 ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ ᠃  1978 ᠣᠨ ᠠᠴᠠ ᠡᠬᠢᠯᠡᠨ ᠂ ᠲᠤᠰ ᠤᠢ ᠰᠢᠭᠤᠢ ᠶᠢᠨ ᠲᠠᠯᠠᠪᠠᠢ  ᠨᠢ ᠲᠠᠷᠢᠶᠠᠨ ᠭᠠᠵᠠᠷ ᠬᠤᠵᠢᠷᠰᠢᠭᠰᠠᠨ ᠠᠴᠠ ᠪᠣᠯᠤᠭᠰᠠᠨ ᠭᠠᠵᠠᠷ ᠰᠢᠷᠣᠢ ᠶᠢᠨ ᠡᠯᠡᠰᠦᠷᠬᠡᠭᠵᠢᠯ ᠤᠨ ᠠᠰᠠᠭᠤᠳᠠᠯ ᠢ ᠶᠡᠭᠡ ᠪᠠᠷ ᠵᠠᠰᠠᠵᠤ ᠂ ᠨᠡᠶᠢᠲᠡ 3.9 ᠲᠦᠮᠡᠨ ᠮᠦ ᠮᠣᠳᠣ ᠳᠠᠷᠢᠵᠠᠢ ᠃ ᠤᠢ ᠰᠢᠭᠤᠢ ᠶᠢᠨ ᠲᠠᠯᠠᠪᠠᠢ ᠳᠤ ᠂ ᠰᠢ ᠶᠢᠨ ᠫᠢᠩ ᠥᠪᠥᠷ ᠮᠣᠩᠭᠤᠯ ᠤᠨ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠵᠠᠰᠠᠵᠤ ᠣᠶᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠶᠠᠭ ᠵᠠᠰᠠᠵᠤ ᠪᠠᠶᠢᠭ᠎ᠠ ᠡᠯᠡᠰᠦᠷᠬᠡᠭ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠃ ᠰᠢ ᠶᠢᠨ ᠫᠢᠩ ᠂ ᠬᠥᠮᠥᠨ ᠲᠥᠷᠥᠯᠬᠢᠲᠡᠨ ᠨᠡᠩ ᠰᠠᠶᠢᠲᠤᠷ ᠣᠷᠣᠰᠢᠨ ᠲᠣᠭᠲᠠᠨᠢᠵᠤ ᠬᠥᠭᠵᠢᠬᠦ ᠭᠡᠪᠡᠯ ᠡᠷᠬᠡᠪᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ ᠃ ᠡᠨᠡ ᠪᠣᠯ ᠨᠢᠭᠡᠨ ᠴᠢᠯᠠᠭᠤ ᠪᠥᠮᠪᠥᠷᠢᠭᠦᠯᠵᠦ ᠠᠭᠤᠯᠠᠨ ᠳᠤ ᠭᠠᠷᠭᠠᠬᠤ ᠶᠠᠪᠤᠴᠠ ᠮᠥᠨ ᠂ ᠪᠠᠭ᠎ᠠ ᠯᠠ ᠰᠤᠯᠠᠷᠠᠭᠰᠠᠭᠠᠷ ᠳᠠᠭᠢᠨ ᠳᠠᠪᠲᠠᠨ ᠬᠢᠬᠦ ᠶᠠᠪᠤᠳᠠᠯ ᠭᠠᠷᠳᠠᠭ ᠃ 《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠣᠶ ᠶᠢᠨ ᠰᠢᠰᠲ᠋ᠧᠮ ᠤᠨ ᠪᠠᠶᠢᠭᠤᠯᠤᠯᠲᠠ ᠮᠡᠲᠦ ᠶᠢᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ ᠰᠠᠶ᠋ᠢ ᠪᠡᠶᠡᠯᠡᠭᠦᠯᠵᠦ ᠴᠢᠳᠠᠨ᠎ᠠ ᠃ ᠤᠮᠠᠷᠠᠲᠤ ᠶᠢᠨ ᠭᠤᠷᠪᠠᠨ ᠣᠷᠣᠨ ᠤ ᠠᠮᠢ ᠠᠬᠤᠢ ᠮᠠᠰᠢ ᠬᠡᠪᠡᠷᠡᠭ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠨᠢᠭᠡᠨ ᠤᠷᠳᠤ ᠬᠤᠭᠤᠴᠠᠭᠠᠨ ᠤ ᠲᠡᠦᠬᠡᠲᠦ ᠡᠭᠦᠷᠭᠡ ᠮᠥᠨ ᠂  ᠪᠢᠳᠡ ᠡᠷᠬᠡᠪᠰᠢ ᠡᠨᠡ ᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ᠮᠠᠨ ᠤ ᠡᠪᠦᠭᠡ ᠳᠡᠭᠡᠳᠦᠰ ᠪᠣᠯᠣᠨ ᠬᠤᠶᠢᠴᠢ ᠦᠶ᠎ᠡ ᠳᠡᠭᠡᠨ ᠣᠰᠣᠯᠳᠠᠬᠤ ᠦᠭᠡᠢ ᠪᠠᠶᠢᠬᠤ ᠬᠡᠷᠡᠭᠲᠡᠢ ᠃ ᠤᠢ ᠰᠢᠭᠤᠢ ᠶᠢᠨ ᠲᠠᠯᠠᠪᠠᠢ ᠶᠢᠨ ᠠᠵᠢᠯ ᠮᠠᠰᠢ ᠬᠠᠲᠠᠭᠤᠵᠢᠯᠲᠠᠢ ᠂ ᠪᠠᠰᠠ ᠮᠠᠰᠢ ᠠᠮᠵᠢᠯᠲᠠ ᠲᠠᠢ ᠪᠠᠶᠢᠵᠤ ᠂ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠃  ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ ᠂ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠦᠨᠡᠨ ᠮᠡᠳᠡᠯᠭᠡ ᠪᠠᠨ ᠥᠭᠦᠯᠡᠯ ᠪᠣᠯᠭᠠᠨ ᠬᠤᠪᠢᠷᠠᠭᠤᠯᠵᠤ ᠂ ᠨᠠᠮ ᠪᠠ ᠠᠷᠠᠳ ᠲᠦᠮᠡᠨ ᠳᠤ ᠬᠡᠷᠡᠭᠴᠡᠭᠡ ᠲᠠᠢ ᠵᠢᠩᠬᠢᠨᠢ ᠳ᠋ᠣᠺᠲ᠋ᠣᠷ ᠂ ᠵᠢᠩᠬᠢᠨᠢ ᠲᠤᠰᠬᠠᠢ ᠮᠡᠷᠭᠡᠵᠢᠯᠲᠡᠨ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠳᠠᠷᠠᠭ᠎ᠠ  ᠨᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠰᠢᠨᠵᠢᠯᠡᠨ ᠪᠠᠶᠢᠴᠠᠭᠠᠪᠠ ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠣᠯ ᠮᠠᠨ ᠤ ᠤᠯᠤᠰ ᠤᠨ 3 ᠣᠨᠴᠠ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠣᠯᠣᠨ᠎ᠠ ᠂ ᠣᠲᠣ ᠨᠢᠭᠡᠨᠲᠡ ᠪᠦᠷᠢᠨ ᠪᠦᠲᠦᠨ 7 ᠲᠠᠰ ᠤᠨ ᠤᠰᠤᠯᠠᠬᠤ ᠪᠠ ᠤᠰᠤ ᠵᠠᠯᠠᠬᠤ ᠰᠢᠰᠲ᠋ᠧᠮ ᠢ ᠪᠦᠷᠢᠯᠳᠦᠭᠦᠯᠪᠡ ᠃ ᠰᠢ ᠶᠢᠨ ᠫᠢᠩ ᠡᠯᠡᠰᠦᠨ ᠴᠠᠷ᠎ᠠ ᠂  ᠳᠡᠯᠭᠡᠴᠡ ᠲᠠᠢ ᠤᠶᠠᠯᠳᠤᠭᠤᠯᠤᠨ ᠂ ᠲᠤᠬᠠᠢ ᠶᠢᠨ ᠭᠠᠵᠠᠷ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠭᠰᠠᠨ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠂ ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ ᠃ ᠰᠢ ᠶᠢᠨ ᠫᠢᠩ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠢᠨᠵᠧᠨᠧᠷᠢᠩ ᠪᠣᠯ ᠮᠢᠩᠭᠠᠨ ᠣᠨ ᠤ ᠰᠠᠭᠤᠷᠢ ᠦᠢᠯᠡᠰ ᠮᠥᠨ ᠂ ᠮᠠᠰᠢ ᠶᠡᠭᠡ ᠬᠦᠴᠦ ᠣᠷᠣᠭᠤᠯᠤᠭᠰᠠᠨ ᠪᠥᠭᠡᠳ ᠮᠠᠰᠢ ᠦᠨ᠎ᠡ ᠦᠷᠳᠡᠭ ᠲᠠᠢ ᠶᠤᠮ ᠃  ᠦᠷᠭᠦᠯᠵᠢᠯᠡᠨ ᠲᠡᠭᠦᠯᠳᠡᠷᠵᠢᠭᠦᠯᠦᠨ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨᠴᠢ ᠪᠠᠷ ᠤᠰᠤ ᠬᠤᠪᠢᠶᠠᠨ ᠲᠣᠬᠢᠷᠠᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠡᠭᠦᠨ ᠤ ᠵᠡᠷᠭᠡ ᠪᠠᠷ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ ᠂ ᠨᠡᠶᠢᠭᠡᠮ ᠤᠨ ᠬᠦᠴᠦᠨ ᠤ ᠣᠷᠤᠯᠴᠠᠬᠤ ᠶᠢ ᠠᠯᠢ ᠴᠢᠳᠠᠬᠤ ᠪᠠᠷ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

6 ᠤ  ᠦᠳᠡ ᠶᠢᠨ ᠬᠤᠶᠢᠨ᠎ᠠ ᠂ ᠰᠢ ᠶᠢᠨ ᠫᠢᠩ ᠪᠠᠶᠠᠨᠨᠠᠭᠤᠷ ᠬᠤᠳᠠ ᠳᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ 《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠶᠢᠳ ᠸᠠᠩ ᠭᠤᠸᠠᠩ ᠬᠤᠸᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ ᠤᠷᠢᠳ ᠬᠤᠵᠢᠳ ᠦᠭᠡ ᠬᠡᠯᠡᠪᠡ ᠃  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠂ ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ ᠃

ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠨᠠᠮ ᠤᠨ ᠲᠥᠪ ᠬᠤᠷᠢᠶ᠎ᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠣᠯ ᠡᠭᠦᠷᠭᠡ ᠪᠤᠯᠭᠠᠵᠤ ᠂ 《ᠤᠮᠠᠷᠠᠲᠤ ᠶᠢᠨ ᠭᠤᠷᠪᠠᠨ ᠣᠷᠣᠨ》 ᠤ ᠬᠠᠯᠬᠠᠪᠴᠢ ᠤᠢ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂  ᠲᠠᠷᠢᠶᠠᠯᠠᠬᠤ ᠶᠢ ᠵᠣᠭᠰᠣᠭᠠᠵᠤ  ᠡᠪᠡᠰᠦ ᠮᠣᠳᠣ ᠲᠠᠷᠢᠬᠤ ᠂ ᠪᠡᠭᠡᠵᠢᠩ ᠲᠢᠶᠠᠨᠵᠢᠨ ᠤ ᠡᠷᠭᠢᠨ ᠲᠣᠭᠣᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠪᠡ ᠃ 40 ᠭᠠᠷᠤᠢ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ  ᠮᠠᠨ ᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠣᠯᠵᠤ ᠂ ᠭᠤᠣᠯᠳᠠᠯᠭ᠎ᠠ ᠲᠠᠢ ᠵᠠᠰᠠᠯᠲᠠ ᠶᠢᠨ ᠣᠷᠣᠨ  ᠨᠢ 《ᠡᠯᠡᠰᠦ ᠤᠷᠤᠭᠰᠢᠯᠠᠵᠤ ᠬᠥᠮᠥᠨ ᠤᠬᠤᠷᠢᠵᠤ》 ᠪᠠᠢᠭᠰᠠᠨ ᠠᠴᠠ ᠪᠠᠨ  《 ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ》ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ ᠂ ᠠᠮᠢ ᠠᠬᠤᠢ ᠶᠢ ᠬᠠᠮᠠᠭᠠᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠰᠠᠶᠢᠨ ᠣᠷᠴᠢᠯ ᠳᠤ ᠣᠷᠣᠵᠤ ᠂  ᠴᠦᠯᠯᠡᠷᠭᠡᠭᠵᠢᠭᠰᠡᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠮᠢ ᠠᠬᠤᠢ ᠶᠢᠨ ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ ᠃ ᠴᠦᠯᠯᠡᠷᠭᠡᠭᠵᠢᠯ ᠪᠠ ᠭᠠᠵᠠᠷ ᠰᠢᠷᠣᠢ ᠶᠢᠨ ᠡᠯᠡᠰᠦᠷᠬᠡᠭᠵᠢᠯ ᠤᠨ 《ᠬᠤᠶᠠᠷ ᠢ ᠪᠠᠭᠠᠰᠬᠠᠬᠤ》 ᠶᠢ ᠪᠡᠶᠡᠯᠡᠭᠦᠯᠵᠦ ᠂ ᠰᠠᠯᠬᠢ ᠡᠯᠡᠰᠦᠨ ᠤ ᠬᠤᠣᠷ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠬᠤᠷᠢᠭᠯᠠᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠡᠳᠦᠷ ᠢᠷᠡᠬᠦᠶ᠎ᠡ ᠪᠦᠷᠢᠨᠰᠢᠵᠦ ᠂ ᠪᠣᠬᠢᠷᠳᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠢᠯᠡᠳᠲᠡ ᠪᠣᠯᠵᠤ ᠂ 《ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ 》 ᠶᠢ ᠪᠤᠶ ᠪᠤᠯᠭᠠᠵᠤ ᠂ ᠠᠮᠢ ᠠᠬᠤᠢ ᠶᠢᠨ ᠵᠠᠰᠠᠯᠲᠠ ᠶᠢᠨ ᠣᠯᠠᠨ ᠤᠯᠤᠰ ᠤᠨ ᠬᠡᠪ ᠳᠠᠭᠤᠷᠢᠶᠠᠯ ᠢ ᠪᠤᠶ ᠪᠣᠯᠭᠠᠪᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠯᠠᠩᠭᠤᠶ᠎ᠠ 《ᠤᠮᠠᠷᠠᠲᠤ ᠶᠢᠨ ᠭᠤᠷᠪᠠᠨ ᠣᠷᠣᠨ》ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠣᠯ ᠲᠤᠶᠢᠯ ᠤᠨ ᠵᠥᠪ ᠂ ᠲᠤᠶᠢᠯ ᠤᠨ ᠬᠤᠯᠠ ᠶᠢᠨ ᠬᠠᠷᠠᠴᠠ ᠲᠠᠢ ᠭᠡᠳᠡᠭ ᠢ ᠦᠢᠯᠡᠳᠦᠯᠭᠡ ᠭᠡᠷᠡᠴᠢᠯᠡᠵᠦ ᠂ ᠮᠠᠨ ᠤ ᠤᠯᠤᠰ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ ᠂ ᠤᠯᠤᠰ ᠤᠨ ᠪᠠᠶᠢᠳᠠᠯ ᠭᠠᠵᠠᠷ ᠣᠷᠣᠨ ᠤ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠮ ᠢᠶᠠᠷ ᠵᠠᠮᠨᠠᠭᠰᠠᠨ ᠪᠠᠶᠢᠨ᠎ᠠ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠴᠦᠯᠯᠡᠷᠭᠡᠭᠵᠢᠯ ᠪᠣᠯ ᠬᠥᠮᠥᠨ ᠲᠥᠷᠥᠯᠬᠢᠲᠡᠨ ᠤ ᠣᠷᠣᠰᠢᠯ ᠲᠣᠭᠲᠠᠨᠢᠯ ᠪᠠ ᠬᠥᠭᠵᠢᠯᠲᠡ ᠶᠢ ᠨᠥᠯᠥᠭᠡᠯᠡᠬᠦ ᠪᠦᠭᠦ ᠪᠥᠮᠪᠥᠷᠴᠡᠭ ᠤᠨ ᠴᠢᠨᠠᠷᠲᠠᠢ ᠴᠢᠬᠤᠯᠠ ᠶᠡᠭᠡ ᠠᠮᠢ ᠠᠬᠤᠢ ᠶᠢᠨ ᠠᠰᠠᠭᠤᠳᠠᠯ ᠪᠣᠯᠣᠨ᠎ᠠ ᠃ ᠮᠠᠨ ᠤ ᠤᠯᠤᠰ ᠪᠣᠯ ᠳᠡᠯᠡᠬᠡᠢ ᠳᠡᠭᠡᠷᠡᠬᠢ ᠴᠦᠯᠯᠡᠷᠭᠡᠭᠵᠢᠯ ᠬᠠᠮᠤᠭ ᠤᠨ ᠬᠦᠨᠳᠦ ᠨᠣᠴᠢᠲᠠᠢ ᠤᠯᠤᠰ ᠤᠨ ᠨᠢᠭᠡ ᠪᠣᠯᠣᠨ᠎ᠠ ᠂ ᠴᠦᠯᠯᠡᠷᠭᠡᠭᠵᠢᠭᠰᠡᠨ ᠭᠠᠵᠠᠷ ᠰᠢᠷᠣᠢ ᠭᠤᠣᠯᠳᠠᠭᠤ ᠤᠮᠠᠷᠠᠲᠤ ᠶᠢᠨ ᠭᠤᠷᠪᠠᠨ ᠣᠷᠣᠨ ᠢᠶᠠᠷ ᠲᠠᠷᠬᠠᠵᠤ ᠪᠠᠶᠢᠬᠤ ᠪᠥᠭᠡᠳ ᠴᠦᠯᠯᠡᠷᠭᠡᠭᠵᠢᠭᠰᠡᠨ ᠭᠠᠵᠠᠷ ᠣᠷᠣᠨ ᠪᠣᠯᠣᠨ ᠠᠵᠤ ᠠᠬᠤᠢ ᠬᠥᠭᠵᠢᠭᠡᠳᠦᠢ ᠣᠷᠣᠨ ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠵᠡᠷᠭᠡ ᠲᠠᠢ ᠳᠡᠭᠡᠳᠦ ᠬᠡᠮᠵᠢᠶ᠎ᠡ ᠪᠠᠷ ᠬᠤᠯᠪᠣᠯᠳᠤᠵᠤ ᠪᠠᠶᠢᠨ᠎ᠠ ᠃ ᠴᠦᠯᠯᠡᠷᠭᠡᠭᠵᠢᠯ ᠂ ᠰᠠᠯᠬᠢ ᠡᠯᠡᠰᠦᠨ ᠤ ᠬᠤᠣᠷ ᠬᠥᠨᠥᠭᠡᠯ ᠪᠣᠯᠣᠨ ᠬᠥᠷᠥᠰᠥ ᠰᠢᠷᠣᠢ ᠶᠢᠨ ᠢᠳᠡᠭᠳᠡᠯ ᠠᠴᠠ ᠪᠣᠯᠤᠭᠰᠠᠨ ᠠᠮᠢ ᠠᠬᠤᠢ ᠶᠢᠨ ᠭᠠᠮᠰᠢᠭ  ᠨᠢ ᠤᠮᠠᠷᠠᠲᠤ ᠶᠢᠨ ᠭᠤᠷᠪᠠᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠂ ᠳᠤᠮᠳᠠᠳᠤ ᠶᠢᠨ ᠦᠨᠳᠦᠰᠦᠲᠡᠨ ᠤ ᠣᠷᠣᠰᠢᠯ ᠲᠣᠭᠲᠠᠨᠢᠯ ᠂ ᠬᠥᠭᠵᠢᠯᠲᠡ ᠳᠤ ᠥᠷᠢᠰᠦᠯᠳᠦᠭᠡᠨ ᠪᠣᠯᠵᠤ ᠪᠠᠶᠢᠨ᠎ᠠ ᠃ ᠣᠳᠣᠬᠠᠨ ᠳᠤ ᠮᠠᠨ ᠤ ᠤᠯᠤᠰ ᠤᠨ ᠴᠦᠯᠯᠡᠷᠭᠡᠭᠵᠢᠭᠰᠡᠨ ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠳᠤ 《ᠪᠦᠬᠦᠯᠢ ᠴᠣᠭᠴᠠ ᠪᠠᠷ ᠰᠠᠶᠢᠵᠢᠷᠠᠵᠤ ᠂ ᠰᠠᠶᠢᠵᠢᠷᠠᠯᠲᠠ ᠲᠦᠷᠭᠡᠳᠦᠭᠰᠡᠨ》ᠶᠡᠭᠡ ᠰᠠᠶᠢᠨ ᠪᠠᠶᠢᠳᠠᠯ ᠢᠯᠡᠷᠡᠵᠡᠢ ᠂ ᠭᠡᠪᠡᠴᠦ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠡᠭᠡ ᠂ ᠲᠠᠷᠬᠠᠯᠲᠠ ᠥᠷᠭᠡᠨ ᠂ ᠬᠡᠮᠵᠢᠶ᠎ᠡ ᠬᠦᠨᠳᠦ ᠨᠣᠴᠢᠲᠠᠢ ᠂ ᠵᠠᠰᠠᠯᠲᠠ ᠬᠦᠴᠢᠷ ᠪᠠᠶᠢᠬᠤ ᠦᠨᠳᠦᠰᠦᠨ ᠪᠠᠶᠢᠳᠠᠯ ᠢ ᠬᠠᠷᠠᠬᠠᠨ ᠦᠨᠳᠦᠰᠦᠨ ᠠᠴᠠ  ᠨᠢ ᠬᠤᠪᠢᠷᠠᠭᠤᠯᠵᠤ ᠳᠡᠶᠢᠯᠦᠭᠡᠳᠦᠢ ᠪᠠᠶᠢᠨ᠎ᠠ ᠃ ᠡᠨᠡ ᠬᠤᠶᠠᠷ ᠵᠢᠯ ᠳᠤ ᠂ ᠠᠭᠤᠷ ᠠᠮᠢᠰᠬᠤᠯ ᠤᠨ ᠬᠤᠪᠢᠷᠠᠯᠲᠠ ᠶᠢᠨ ᠬᠡᠪ ᠤᠨ ᠪᠤᠰᠤ ᠨᠥᠯᠥᠭᠡ ᠠᠴᠠ ᠪᠣᠯᠵᠤ ᠂ ᠮᠠᠨ ᠤ ᠤᠯᠤᠰ ᠤᠨ ᠤᠮᠠᠷᠠᠲᠤ ᠣᠷᠣᠨ ᠤ ᠡᠯᠡᠰᠦ ᠲᠣᠭᠤᠰᠣ ᠲᠠᠢ ᠡᠳᠦᠷ ᠤᠨ ᠲᠤᠭ᠎ᠠ ᠡᠳᠦᠢ ᠲᠡᠳᠦᠢ ᠨᠡᠮᠡᠭᠳᠡᠪᠡ ᠃ ᠮᠠᠨ ᠤ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠬᠤ ᠶᠢ ᠪᠣᠳᠠᠲᠤ ᠪᠠᠶᠢᠳᠠᠯ ᠬᠠᠷᠠᠭᠤᠯᠵᠤ ᠪᠠᠶᠢᠨ᠎ᠠ ᠃ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠤᠷᠲᠤ ᠬᠤᠭᠤᠴᠠᠭᠠᠲᠤ ᠴᠢᠨᠠᠷ ᠂ ᠬᠠᠲᠠᠭᠤ ᠪᠡᠷᠬᠡ ᠴᠢᠨᠠᠷ ᠂ ᠳᠠᠭᠢᠨ ᠳᠠᠪᠲᠠᠬᠤ ᠴᠢᠨᠠᠷ ᠪᠣᠯᠣᠨ ᠲᠣᠬᠲᠠᠭᠠᠯᠲᠦ ᠪᠤᠰᠤ ᠴᠢᠨᠠᠷ ᠢ ᠭᠦᠢᠴᠡᠳ ᠲᠠᠨᠢᠵᠤ ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂  ᠡᠭᠦᠷᠭᠡ ᠬᠠᠷᠢᠭᠤᠴᠠᠯᠭᠠᠲᠤ  ᠪᠤᠳᠤᠯ ᠪᠣᠯᠣᠨ ᠪᠠᠴᠢᠮ ᠲᠤᠯᠭᠠᠮ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ 2021 — 2030 ᠣᠨ ᠪᠣᠯ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠣᠯᠣᠨ᠎ᠠ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ   ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠭᠤᠣᠯ ᠰᠢᠪᠲᠤᠯᠬᠤ ᠴᠢᠭᠯᠡᠯ ᠪᠤᠯᠭᠠᠵᠤ ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠦᠨᠳᠦᠰᠦᠨ ᠬᠠᠷᠠᠯᠲᠠ ᠪᠤᠯᠭᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ᠬᠤᠣᠷ ᠬᠥᠨᠥᠭᠡᠯ ᠢ ᠦᠨᠳᠦᠰᠦᠯᠡᠨ ᠰᠡᠷᠭᠡᠶᠢᠯᠡᠯᠲᠡ ᠬᠢᠵᠦ ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠭᠤᠣᠯᠳᠠᠯᠭ᠎ᠠ ᠲᠠᠢ ᠵᠠᠰᠠᠯᠲᠠ ᠶᠢ ᠲᠤᠪᠤᠶᠢᠯᠭᠠᠵᠤ ᠂ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠵᠤ ᠂ 10 ᠵᠢᠯ ᠰᠢᠬᠠᠮ ᠤᠨ ᠴᠠᠭ ᠢ ᠬᠡᠷᠡᠭᠰᠡᠵᠦ ᠂ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ ᠂  《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠳᠠᠮᠵᠢ ᠪᠦᠷᠢᠨ ᠲᠡᠭᠦᠯᠳᠡᠷ ᠂ ᠡᠪᠳᠡᠷᠡᠰᠢ ᠦᠭᠡᠢ ᠪᠠᠲᠤ ᠤᠮᠠᠷᠠᠲᠤ ᠶᠢᠨ ᠨᠣᠭᠤᠭᠠᠨ ᠤᠷᠳᠤ ᠴᠠᠭᠠᠨ ᠬᠡᠷᠡᠮ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠤᠢ ᠰᠢᠭᠤᠢ ᠂ ᠨᠤᠲᠤᠭ ᠪᠡᠯᠴᠢᠭᠡᠷ ᠂  ᠨᠤᠭᠤ ᠭᠠᠵᠠᠷ ᠂ ᠴᠦᠯᠯᠡᠷᠭᠡᠭ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠵᠦ ᠂ ᠡᠯᠡᠰᠦ ᠶᠢ ᠵᠠᠰᠠᠬᠤ ᠂ ᠤᠰᠤ ᠶᠢ ᠵᠠᠰᠠᠬᠤ ᠂  ᠠᠭᠤᠯᠠ ᠶᠢ ᠵᠠᠰᠠᠬᠤ ᠪᠦᠭᠦ ᠡᠯᠧᠮᠧᠨ᠋ᠲ ᠤᠨ ᠵᠣᠬᠢᠴᠠᠭᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠵᠤ ᠂ ᠡᠷᠡᠭᠦᠯ ᠲᠣᠭᠲᠠᠭᠤᠨ ᠂ ᠴᠢᠳᠠᠮᠵᠢ ᠪᠦᠷᠢᠨ ᠲᠡᠭᠦᠯᠳᠡᠷ ᠤᠢ ᠰᠢᠭᠤᠢ ᠂ ᠨᠤᠲᠤᠭ ᠪᠡᠯᠴᠢᠭᠡᠷ ᠂ ᠨᠤᠭᠤ ᠭᠠᠵᠠᠷ ᠂ ᠴᠦᠯᠯᠡᠷᠭᠡᠭ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠦᠴᠦᠯᠡᠨ ᠪᠣᠶᠢᠵᠢᠭᠤᠯᠬᠤ ᠬᠡᠷᠡᠭᠲᠡᠢ ᠃ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠣᠷᠣᠨ ᠤ ᠵᠠᠭᠠᠭ ᠬᠢᠵᠠᠭᠠᠷ ᠢ ᠡᠪᠳᠡᠵᠦ ᠂ ᠡᠯᠡᠰᠦᠨ ᠴᠦᠯ ᠤᠨ ᠭᠦᠪᠡᠭᠡ ᠬᠢᠵᠠᠭᠠᠷ ᠪᠠ ᠬᠡᠪᠡᠯᠢ ᠭᠠᠵᠠᠷ ᠂ ᠰᠠᠯᠬᠢᠨ ᠤ ᠳᠡᠭᠡᠳᠦ ᠠᠮᠠ ᠪᠠ ᠰᠠᠯᠬᠢᠨ ᠤ ᠳᠣᠣᠷᠠᠳᠤ ᠬᠤᠩᠭᠢᠯ ᠂ ᠡᠯᠡᠰᠦᠨ ᠤ ᠡᠭᠦᠰᠦᠯ ᠣᠷᠣᠨ ᠪᠠ ᠥᠩᠭᠡᠷᠡᠬᠦ ᠣᠷᠣᠨ ᠢ ᠨᠢᠭᠡᠳᠦᠯᠲᠡᠢ ᠲᠥᠯᠥᠪᠵᠢᠭᠦᠯᠵᠦ ᠂ ᠴᠡᠭ ᠱᠤᠭᠤᠮ ᠨᠡᠶᠢᠳᠡᠮ ᠢ ᠤᠶᠠᠯᠳᠤᠭᠤᠯᠤᠭᠰᠠᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠪᠠᠶᠢᠭᠤᠯᠬᠤ ᠬᠡᠷᠡᠭᠲᠡᠢ ᠃  ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠭᠠᠵᠠᠷ ᠰᠢᠷᠣᠢ ᠶᠢᠨ ᠠᠰᠢᠭᠯᠠᠯᠲᠠ ᠶᠢᠨ ᠪᠦᠲᠦᠴᠡ ᠶᠢ ᠰᠢᠯᠢᠳᠡᠭᠵᠢᠭᠦᠯᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ ᠭᠦᠢᠴᠡᠳ ᠦᠯᠡᠳᠡᠭᠡᠵᠦ ᠂  ᠭᠢᠯᠪᠠᠷ ᠪᠤᠰᠤ ᠪᠠᠷ ᠢᠷᠡᠭᠰᠡᠨ ᠨᠤᠲᠤᠭ ᠪᠡᠯᠴᠢᠭᠡᠷ ᠂ ᠤᠢ ᠰᠢᠭᠤᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠵᠠᠰᠠᠯᠲᠠ ᠶᠢᠨ ᠭᠤᠣᠯᠳᠠᠯᠭ᠎ᠠ ᠶᠢ ᠳᠣᠪᠤᠶᠢᠯᠭᠠᠵᠤ ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠬᠠᠲᠤᠨ ᠭᠤᠣᠯ ᠤᠨ 《 ᠲᠣᠬᠤᠢ》 ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠮᠤᠤᠠᠤᠰᠤ ᠶᠢᠨ ᠡᠯᠡᠰᠦᠷᠬᠡᠭ ᠭᠠᠵᠠᠷ ᠂ ᠬᠥᠪᠴᠢ ᠶᠢᠨ ᠡᠯᠡᠰᠦ ᠂ ᠠᠯᠠᠱᠠ ᠠᠭᠤᠯᠠ ᠵᠡᠷᠭᠡ ᠪᠠᠷ ᠭᠤᠣᠯᠳᠠᠯᠭ᠎ᠠ ᠪᠤᠯᠭᠠᠵᠤ ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠲᠠᠢ ᠵᠠᠰᠠᠬᠤ ᠲᠥᠷᠥᠯ ᠵᠦᠢᠯ ᠢ ᠪᠦᠭᠦ ᠲᠠᠯ᠎ᠠ ᠪᠠᠷ ᠬᠡᠷᠡᠭᠵᠢᠭᠦᠯᠵᠦ ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢ ᠲᠦᠷᠭᠡᠳᠬᠡᠵᠦ ᠂  ᠪᠣᠷᠣᠳᠣᠬᠤᠢ ᠶᠢᠨ ᠲᠠᠯ᠎ᠠ ᠭᠠᠵᠠᠷ ᠤᠨ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠪᠣᠯᠣᠨ ᠪᠠᠶᠢᠭᠠᠯᠢᠯᠢᠭ ᠪᠡᠯᠴᠢᠭᠡᠷ ᠢ ᠬᠠᠮᠠᠭᠠᠯᠠᠨ ᠰᠡᠷᠭᠦᠭᠡᠵᠦ ᠂  ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠃ ᠬᠤᠷᠴᠢᠨ ᠂  ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠴᠢᠬᠤᠯᠠ ᠶᠡᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ᠂ ᠬᠦᠴᠦᠨ ᠢᠶᠠᠨ ᠲᠥᠪᠯᠡᠷᠡᠭᠦᠯᠦᠨ ᠡᠯᠡᠰᠦ ᠮᠠᠩᠬ᠎ᠠ ᠶᠢ ᠰᠥᠨᠥᠭᠡᠬᠦ ᠳᠠᠶᠢᠯᠠᠯᠳᠤᠭᠠᠨ ᠬᠢᠬᠦ ᠬᠡᠷᠡᠭᠲᠡᠢ ᠃ ᠾᠧ ᠰᠢ ᠶᠢᠨ ᠬᠤᠩᠬᠢᠯ — ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠂ ᠴᠢ ᠯᠢᠶᠠᠨ ᠱᠠᠨ ᠠᠭᠤᠯᠠ ᠂ ᠲᠡᠭᠷᠢ ᠠᠭᠤᠯᠠ ᠂ ᠠᠯᠲᠠᠢ ᠠᠭᠤᠯᠠ ᠂ ᠠᠯᠠᠱᠠ ᠠᠭᠤᠯᠠ ᠂ ᠯᠢᠦ ᠫᠠᠨ ᠱᠠᠨ ᠠᠭᠤᠯᠠ ᠵᠡᠷᠭᠡ ᠣᠷᠣᠨ ᠪᠦᠰᠡ ᠶᠢᠨ ᠪᠠᠶᠢᠭᠠᠯᠢ ᠶᠢᠨ ᠤᠢ ᠮᠣᠳᠣ ᠡᠪᠡᠰᠦ ᠤᠷᠭᠤᠮᠠᠯ ᠤᠨ ᠪᠦᠷᠬᠦᠴᠡ ᠶᠢ ᠪᠢᠲᠡᠭᠦᠮᠵᠢᠯᠡᠨ ᠣᠶᠢᠵᠢᠭᠤᠯᠵᠤ ᠬᠠᠮᠠᠭᠠᠯᠠᠬᠤ ᠶᠢ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ ᠂ ᠲᠠᠴᠢᠷᠳᠠᠭᠰᠠᠨ ᠤᠢ ᠰᠢᠭᠤᠢ ᠪᠠ ᠲᠠᠴᠢᠷᠳᠠᠭᠰᠠᠨ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠵᠤ ᠂ ᠡᠯᠡᠰᠦᠨ ᠤ ᠡᠬᠢ ᠶᠢᠨ ᠦᠯᠦ ᠶᠡᠬᠡᠳᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠶᠢ ᠪᠠᠷᠢᠮᠲᠠᠯᠠᠵᠤ ᠂ ᠴᠦᠯᠯᠡᠷᠭᠡᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ ᠂ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ ᠂ ᠤᠰᠤᠨ ᠤ ᠬᠡᠮᠵᠢᠶ᠎ᠡ ᠪᠠᠷ ᠭᠠᠵᠠᠷ ᠲᠠᠷᠢᠶ᠎ᠠ ᠶᠢ ᠲᠣᠭᠲᠠᠭᠠᠵᠤ ᠂ ᠤᠰᠤᠨ ᠤ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ ᠲᠣᠭᠲᠠᠭᠠᠵᠤ ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢ ᠲᠣᠭᠲᠠᠭᠠᠵᠤ ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ ᠂ ᠤᠰᠤ ᠠᠷᠪᠢᠯᠠᠬᠤ ᠤᠢ ᠰᠢᠭᠤᠢ ᠡᠪᠡᠰᠦ ᠪᠡᠯᠴᠢᠭᠡᠷ ᠢ ᠶᠡᠭᠡ ᠪᠠᠷ ᠬᠥᠭᠵᠢᠭᠦᠯᠬᠦ ᠬᠡᠷᠡᠭᠲᠡᠢ ᠃ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ ᠂ ᠣᠶ ᠮᠣᠳᠣ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠲᠥᠷᠥᠯ ᠭᠡᠯᠪᠡᠷᠢ ᠪᠣᠯᠣᠨ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ ᠂ ᠲᠣᠷᠤᠭ ᠮᠣᠳᠣ ᠪᠤᠲᠠ ᠮᠣᠳᠣ ᠡᠪᠡᠰᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠣᠶ ᠶᠢᠨ ᠲᠣᠣᠷ ᠂ ᠣᠶ ᠶᠢᠨ ᠪᠦᠰᠡ ᠵᠢᠴᠢ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠡᠯᠡᠰᠦᠨ ᠴᠥᠯ ᠤᠨ ᠭᠦᠪᠡᠭᠡ ᠵᠠᠬ᠎ᠠ ᠶᠢ ᠴᠢᠳᠦᠷᠯᠡᠬᠦ ᠣᠶ ᠰᠢᠭᠤᠢ ᠡᠪᠡᠰᠦᠨ ᠤ ᠪᠦᠰᠡ ᠵᠡᠷᠭᠡ ᠶᠢ ᠪᠠᠶᠢᠭᠤᠯᠬᠤ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠶᠠᠪᠤᠭᠳᠠᠭᠤᠰᠢᠲᠠᠢ ᠵᠠᠰᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ ᠂ 《 ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ 》 ᠶᠢ ᠭᠦᠢᠴᠡᠳᠬᠡᠵᠦ ᠂ ᠪᠦᠭᠦ ᠪᠥᠮᠪᠥᠷᠴᠡᠭ ᠤᠨ ᠴᠦᠯᠯᠡᠷᠭᠡᠭᠵᠢᠯ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠵᠤ ᠂ ᠡᠷᠭᠢᠨ ᠲᠣᠭᠤᠷᠢᠨ ᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠭᠤᠣᠯᠳᠠᠯᠭ᠎ᠠ ᠲᠠᠢ ᠴᠢᠩᠭᠠᠳᠬᠠᠵᠤ ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠳᠡᠮᠵᠢᠵᠦ ᠂ ᠡᠯ᠎ᠡ ᠤᠯᠤᠰ ᠤᠨ ᠲᠦᠷᠦ ᠶᠢᠨ ᠪᠣᠳᠣᠯᠭ᠎ᠠ ᠶᠢᠨ ᠶᠠᠷᠢᠯᠴᠠᠭ᠎ᠠ ᠥᠷᠨᠢᠭᠦᠯᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠬᠥᠲᠥᠯᠥᠨ ᠳᠠᠭᠠᠭᠤᠯᠵᠤ ᠂ ᠡᠯᠡᠰᠦᠨ ᠰᠢᠭᠤᠷᠭ᠎ᠠ ᠶᠢᠨ ᠭᠠᠮᠰᠢᠭ ᠲᠠᠢ ᠴᠠᠭ ᠠᠭᠤᠷ ᠢ ᠬᠠᠮᠲᠤ ᠪᠠᠷ ᠠᠷᠭᠠᠴᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠡᠴᠦᠰ ᠲᠤ ᠂ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠢ ᠬᠡᠷᠡᠭᠵᠢᠭᠦᠯᠬᠦ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠭᠦ ᠲᠠᠯ᠎ᠠ ᠪᠠᠷ ᠴᠢᠩᠭᠠᠳᠬᠠᠵᠤ ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ ᠂ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠨᠢᠭᠡᠳᠦᠯᠲᠡᠢ ᠲᠥᠯᠥᠪᠵᠢᠭᠦᠯᠦᠨ ᠵᠢᠯᠤᠭᠤᠳᠴᠤ ᠂  ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ ᠃ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠡᠯᠡ ᠮᠥᠩᠭᠦ ᠶᠢᠨ ᠳᠡᠮᠵᠢᠯᠭᠡ ᠪᠣᠯᠣᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠪᠦᠷᠢᠨᠰᠢᠭᠦᠯᠵᠦ ᠂ ᠲᠣᠭᠲᠠᠭᠤᠨ ᠢᠶᠠᠷ ᠦᠷᠭᠦᠯᠵᠢᠯᠡᠨ ᠣᠷᠣᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠂ ᠨᠢᠭᠡ ᠨᠢᠭᠡ ᠦᠶ᠎ᠡ ᠪᠠᠷ ᠵᠠᠯᠭᠠᠨ ᠬᠢᠵᠦ ᠂ 《 ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠬᠣᠷᠢᠶᠠᠨ ᠤ  ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ ᠃

ᠯᠢ ᠭᠠᠨ ᠵᠢᠶᠧ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ ᠂ ᠾᠧ ᠯᠢ ᠹᠧᠩ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠂ ᠮᠠ ᠰᠢᠩ ᠷᠦᠢ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠂  ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ ᠃

 

 


   :                    
   :           
备案序号:蒙ICP备05003250号 公安备案15010502000173