ᠰᠢ ᠶᠢᠨ ᠫᠢᠩ ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠵᠦ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠴᠢᠷᠮᠠᠶᠢᠨ ᠪᠠᠶᠢᠭᠤᠯᠬᠤ ᠬᠡᠷᠡᠭᠲᠡᠢ ᠼᠠᠢ ᠴᠢ ᠬᠤᠷᠠᠯ ᠢ ᠡᠷᠭᠢᠯᠡᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 2 ᠤᠨ ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠡᠳᠦᠷ ᠪᠡᠭᠡᠵᠢᠩ ᠳᠤ ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠨ᠎ᠡ ᠭᠠᠷᠤᠭ᠎ᠠ ᠠᠴᠠ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠵᠤ ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠪᠢᠳᠡᠨ ᠤ ᠰᠢᠨ᠎ᠡ ᠴᠠᠭ ᠦᠶ᠎ᠡ ᠳᠠᠬᠢ ᠰᠣᠶᠣᠯ ᠤᠨ ᠰᠢᠨ᠎ᠡ ᠡᠭᠦᠷᠭᠡ ᠬᠠᠷᠢᠭᠤᠴᠠᠯᠭ᠎ᠠ ᠮᠥᠨ ᠃ ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ ᠂ ᠮᠠᠨ ᠤ ᠡᠨᠡ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ ᠬᠠᠮᠲᠤ ᠪᠠᠷ ᠴᠢᠷᠮᠠᠶᠢᠨ ᠡᠭᠦᠳᠴᠦ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠲᠥᠯᠥᠭᠡ ᠂ ᠰᠢ ᠶᠢᠨ ᠫᠢᠩ ᠤᠷᠢᠳ ᠬᠤᠵᠢᠳ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠪᠣᠯᠣᠨ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠢᠶᠠᠷ ᠰᠢᠨᠵᠢᠯᠡᠨ ᠪᠠᠶᠢᠴᠠᠭᠠᠪᠠ ᠃
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠵᠠᠢ ᠃
1 ᠤ ᠡᠳᠦᠷ ᠦᠳᠡ ᠶᠢᠨ ᠬᠤᠶᠢᠨ᠎ᠠ ᠂ ᠰᠢ ᠶᠢᠨ ᠫᠢᠩ ᠲᠡᠷᠭᠡᠨ ᠳᠤ ᠰᠠᠭᠤᠵᠤ ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠶᠠᠨᠱᠠᠨ ᠠᠭᠤᠯᠠᠨ ᠤ ᠬᠤᠷᠮᠣᠢ ᠳᠠᠬᠢ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠤ ᠲᠥᠪ ᠶᠡᠷᠦᠩᠬᠡᠢ ᠣᠷᠳᠣᠨ ᠳᠤ ᠭᠦᠷᠪᠡ ᠃ ᠳᠤᠮᠳᠠᠳᠤ ᠤᠯᠤᠰ ᠤᠨ ᠬᠡᠪᠯᠡᠯ ᠤᠨ ᠣᠷᠳᠣᠨ ᠨᠢ ᠭᠤᠣᠯᠳᠠᠭᠤ ᠤᠯᠤᠰ ᠤᠨ ᠬᠡᠪᠯᠡᠯ ᠤᠨ ᠡᠬᠢ ᠪᠠᠶᠠᠯᠢᠭ ᠢ ᠲᠥᠯᠥᠪᠵᠢᠭᠦᠯᠦᠨ ᠵᠣᠬᠢᠴᠠᠭᠤᠯᠬᠤ ᠂ ᠨᠡᠶᠢᠳᠡᠮ ᠪᠠᠶᠢᠴᠠᠭᠠᠵᠤ ᠡᠯᠰᠡᠨ ᠴᠤᠭᠯᠠᠭᠤᠯᠬᠤ ᠂ ᠰᠤᠳᠤᠷ ᠪᠢᠴᠢᠭ ᠤᠨ ᠬᠠᠳᠠᠭᠠᠯᠠᠮᠵᠢ ᠶᠢ ᠳᠡᠯᠭᠡᠨ ᠦᠵᠡᠭᠦᠯᠭᠦ ᠂ ᠰᠤᠳᠤᠯᠤᠨ ᠰᠣᠯᠢᠯᠴᠠᠬᠤ ᠪᠠ ᠤᠬᠠᠭᠤᠯᠵᠤ ᠠᠰᠢᠭᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠲᠥᠪ ᠶᠡᠷᠦᠩᠬᠡᠢ ᠣᠷᠳᠣᠨ ᠪᠠ ᠰᠢ ᠠᠨ ᠂ ᠬᠠᠩᠵᠧᠦ ᠂ ᠭᠤᠸᠠᠩᠵᠧᠦ ᠶᠢᠨ ᠬᠤᠪᠢᠶᠠᠷᠢ ᠣᠷᠳᠣᠨ ᠢ ᠪᠠᠶᠢᠭᠤᠯᠵᠠᠢ ᠃ ᠰᠢ ᠶᠢᠨ ᠫᠢᠩ ᠡᠩ ᠲᠡᠷᠢᠭᠦᠨ ᠳᠤ ᠸᠧᠨ ᠬᠤᠸᠠ ᠲᠠᠩᠬᠢᠮ ᠳᠤ ᠬᠦᠷᠴᠦ ᠂ ᠬᠡᠪᠯᠡᠯ ᠤᠨ ᠣᠷᠳᠣᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠂ ᠤᠯᠤᠰ ᠤᠨ ᠨᠣᠮ ᠤᠨ ᠦᠷᠦᠭᠡ ᠂ ᠳᠤᠮᠳᠠᠳᠤ ᠶᠢᠨ ᠡᠷᠲᠡᠨ ᠤ ᠪᠣᠯᠪᠠᠰᠤᠨ ᠤ ᠬᠡᠪᠯᠡᠯ ᠤᠨ ᠦᠵᠡᠭᠦᠯᠭᠡ ᠂ ᠳᠤᠮᠳᠠᠳᠤ ᠤᠯᠤᠰ ᠤᠨ ᠤᠳᠤ ᠦᠶ᠎ᠡ ᠶᠢᠨ ᠬᠡᠪᠯᠡᠯ ᠤᠨ ᠰᠣᠳᠣᠨ ᠪᠦᠲᠦᠭᠡᠯ ᠪᠣᠯᠣᠨ ᠣᠨᠴᠠᠯᠢᠭᠲᠤ ᠬᠡᠪᠯᠡᠯ ᠤᠨ ᠦᠵᠡᠭᠦᠯᠭᠡ ᠶᠢ ᠲᠣᠭᠤᠷᠢᠨ ᠦᠵᠡᠪᠡ ᠃ ᠸᠧᠨ ᠬᠠᠨ ᠲᠠᠭᠲᠤ ᠳᠤ ᠂ ᠰᠢ ᠶᠢᠨ ᠫᠢᠩ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠣᠩᠭᠤᠳᠠᠭ ᠬᠡᠪᠯᠡᠯ ᠤᠨ ᠦᠵᠡᠭᠦᠯᠭᠡ ᠶᠢ ᠨᠠᠷᠢᠨ ᠪᠠᠶᠢᠴᠠᠭᠠᠨ ᠦᠵᠡᠵᠦ ᠂ ᠬᠡᠪᠯᠡᠯ ᠢ ᠴᠤᠭᠯᠠᠭᠤᠯᠤᠨ ᠡᠮᠬᠢᠳᠬᠡᠭᠰᠡᠨ ᠬᠤᠯᠪᠣᠭᠳᠠᠯ ᠪᠦᠬᠦᠢ ᠪᠠᠶᠢᠳᠠᠯ ᠢ ᠪᠠᠶᠢᠨ ᠳᠠᠭᠢᠨ ᠯᠠᠪᠯᠠᠨ ᠠᠰᠠᠭᠤᠬᠤ ᠶᠢᠨ ᠬᠠᠮᠲᠤ ᠲᠠᠪᠤᠨ ᠳᠠᠪᠬᠤᠷ ᠲᠠᠶᠢᠰᠠᠨ᠎ᠠ ᠭᠠᠷᠴᠤ ᠬᠡᠪᠯᠡᠯ ᠤᠨ ᠣᠷᠳᠣᠨ ᠤ ᠪᠦᠭᠦ ᠦᠵᠡᠮᠵᠢ ᠶᠢ ᠠᠵᠢᠭᠯᠠᠪᠠ ᠃ ᠳᠠᠷᠠᠭ᠎ᠠ ᠨᠢ ᠂ ᠰᠢ ᠶᠢᠨ ᠫᠢᠩ ᠯᠠᠨ ᠲᠠᠢ ᠳ᠋ᠦᠩ ᠬᠥᠮᠥᠷᠭᠡ ᠳᠤ ᠬᠦᠷᠴᠦ ᠂ 《ᠬᠢᠲᠠᠳ ᠲᠥᠪᠡᠳ ᠮᠣᠩᠭᠤᠯ ᠮᠠᠨᠵᠤ ᠬᠡᠯᠡᠨ ᠤ ᠭᠠᠨᠵᠤᠤᠷ ᠤᠨ ᠰᠡᠶᠢᠯᠦᠮᠡᠯ ᠪᠠᠷ ᠤᠨ ᠬᠠᠷᠢᠴᠠᠭᠤᠯᠤᠯ》ᠪᠠ《︿ᠳᠥᠷᠪᠡᠨ ᠬᠥᠮᠥᠷᠭᠡ ᠶᠢᠨ ᠪᠦᠷᠢᠨ ᠪᠢᠴᠢᠭ﹀ ᠤᠨ ᠬᠠᠷᠢᠴᠠᠭᠤᠯᠤᠯ》 ᠬᠥᠮᠥᠷᠭᠡ ᠶᠢᠨ ᠦᠵᠡᠭᠦᠯᠭᠡ ᠶᠢ ᠲᠣᠭᠤᠷᠢᠨ ᠦᠵᠡᠵᠦ ᠂ ᠣᠷᠳᠣᠨ ᠳᠤ ᠬᠠᠳᠠᠭᠠᠯᠠᠵᠤ ᠪᠠᠶᠢᠭ᠎ᠠ ᠰᠣᠳᠣᠨ ᠪᠦᠲᠦᠭᠡᠯ ᠤᠨ ᠬᠡᠪᠯᠡᠯ ᠤᠨ ᠬᠠᠳᠠᠭᠠᠯᠠᠮᠵᠢ ᠶᠢᠨ ᠪᠠᠶᠢᠳᠠᠯ ᠢ ᠨᠠᠷᠢᠨ ᠣᠶᠢᠯᠠᠭᠠᠪᠠ ᠃ ᠰᠢ ᠶᠢᠨ ᠫᠢᠩ ᠂ ᠳᠤᠮᠳᠠᠳᠤ ᠶᠢᠨ ᠪᠣᠯᠪᠠᠰᠤᠨ ᠤ ᠤᠯᠠᠨ ᠤᠳᠠᠭ᠎ᠠ ᠶᠢᠨ ᠭᠠᠰᠠᠯᠠᠩ ᠵᠤᠪᠠᠯᠠᠩ ᠢ ᠳᠤᠭᠤᠯᠤᠭᠠᠳ ᠤᠯᠠᠮᠵᠢᠯᠠᠭᠳᠠᠵᠤ ᠢᠷᠡᠭᠰᠡᠨ ᠡᠳᠡᠭᠡᠷ ᠬᠤᠪᠣᠷ ᠨᠠᠨᠳᠢᠨ ᠲᠤᠯᠭᠤᠷ ᠪᠢᠴᠢᠭ ᠤᠨ ᠬᠡᠪᠯᠡᠯ ᠳᠤ ᠪᠢ ᠮᠠᠰᠢ ᠰᠡᠳᠭᠢᠯ ᠲᠠᠯᠪᠢᠵᠦ ᠪᠠᠶᠢᠨ᠎ᠠ ᠃ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠢ ᠪᠠᠶᠢᠭᠤᠯᠬᠤ ᠪᠣᠯ ᠮᠢᠨᠤ ᠲᠤᠶᠢᠯ ᠢᠶᠠᠷ ᠠᠩᠬᠠᠷᠴᠤ ᠂ ᠪᠡᠶ᠎ᠡ ᠪᠠᠷ ᠢᠶᠠᠨ ᠵᠥᠪᠰᠢᠶᠡᠷᠡᠭᠰᠡᠨ ᠲᠦᠷᠦᠯ ᠵᠦᠢᠯ ᠮᠥᠨ ᠂ ᠤᠭ ᠰᠠᠨᠠᠭ᠎ᠠ ᠵᠣᠷᠢᠯᠲᠠ ᠨᠢ ᠳᠠᠷᠤᠢ ᠮᠠᠨ ᠤ ᠡᠨᠡ ᠬᠦ ᠲᠡᠦᠬᠡᠨ ᠱᠠᠲᠤ ᠦᠶ᠎ᠡ ᠳᠤ ᠡᠷᠲᠡᠨ ᠠᠴᠠ ᠠᠪᠤᠭᠠᠳ ᠴᠤᠭᠯᠠᠭᠤᠯᠵᠤ ᠳᠡᠶᠢᠯᠭᠦ ᠰᠣᠩᠭᠤᠳᠠᠭ ᠪᠢᠴᠢᠭ ᠮᠠᠲ᠋ᠧᠷᠢᠶᠠᠯ ᠢ ᠪᠦᠭᠦᠨ ᠢ ᠴᠤᠭᠯᠠᠭᠤᠯᠵᠤ ᠂ ᠰᠠᠶᠢᠲᠤᠷ ᠬᠠᠮᠠᠭᠠᠯᠠᠵᠤ ᠂ ᠳᠡᠯᠡᠬᠡᠢ ᠳᠡᠭᠡᠷᠡᠬᠢ ᠴᠤᠷ ᠤᠨ ᠭᠠᠭᠴᠠ ᠲᠠᠰᠤᠯᠳᠠᠭᠰᠠᠨ ᠦᠭᠡᠢ ᠪᠣᠯᠪᠠᠰᠤᠨ ᠢ ᠦᠷᠭᠦᠯᠵᠢᠯᠡᠨ ᠤᠯᠠᠮᠵᠢᠯᠠᠬᠤ ᠶᠠᠪᠤᠳᠠᠯ ᠪᠣᠯᠣᠨ᠎ᠠ ᠃ ᠪᠠᠳᠠᠷᠠᠯᠲᠤ ᠳᠦᠷᠦ ᠪᠢᠴᠢᠭ ᠢ ᠡᠷᠭᠢᠮᠯᠡᠳᠡᠭ ᠂ ᠮᠠᠨ ᠤ ᠡᠨᠡ ᠴᠠᠭ ᠦᠶ᠎ᠡ ᠳᠤ ᠂ ᠤᠯᠤᠰ ᠣᠷᠣᠨ ᠴᠡᠴᠡᠭᠯᠡᠨ ᠬᠥᠭᠵᠢᠵᠦ ᠂ ᠨᠡᠶᠢᠭᠡᠮ ᠠᠮᠤᠷ ᠲᠣᠭᠲᠠᠭᠤᠨ ᠪᠠᠶᠢᠵᠤ ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠦᠰᠡᠯ ᠪᠠ ᠴᠢᠳᠠᠪᠤᠷᠢ ᠲᠠᠢ ᠶᠤᠮ ᠂ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ ᠃ ᠪᠢ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠬᠠᠨᠤᠮᠵᠢᠲᠠᠶ ᠪᠠᠶᠢᠨ᠎ᠠ ᠃ ᠤᠯᠤᠰ ᠤᠨ ᠬᠡᠪᠯᠡᠯ ᠤᠨ ᠣᠷᠳᠣᠨ ᠤ ᠭᠤᠣᠯ ᠡᠭᠦᠷᠭᠡ ᠪᠣᠯ ᠳᠠᠷᠤᠢ ᠬᠤᠷᠢᠶᠠᠨ ᠬᠠᠳᠠᠭᠠᠯᠠᠬᠤ ᠶᠠᠪᠤᠳᠠᠯ ᠪᠣᠯᠣᠨ᠎ᠠ ᠂ ᠬᠤᠷᠢᠶᠠᠨ ᠬᠠᠳᠠᠭᠠᠯᠠᠬᠤ ᠪᠠᠷ ᠭᠤᠣᠯ ᠠᠵᠢᠯ ᠪᠤᠯᠭᠠᠵᠤ ᠂ ᠲᠡᠦᠬᠡ ᠶᠢᠨ ᠰᠤᠳᠤᠷ ᠪᠢᠴᠢᠭ ᠤᠨ ᠬᠡᠪᠯᠡᠯ ᠢ ᠬᠤᠷᠢᠶᠠᠨ ᠴᠤᠭᠯᠠᠭᠤᠯᠬᠤ ᠠᠵᠢᠯ ᠢ ᠴᠢᠩᠭᠠᠳᠬᠠᠵᠤ ᠂ ᠲᠡᠰ ᠲᠦᠷᠦᠯ ᠬᠤᠪᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠃ ᠡᠭᠦᠨ ᠤ ᠬᠠᠮᠲᠤ ᠰᠤᠳᠤᠷ ᠪᠢᠴᠢᠭ ᠤᠨ ᠬᠡᠪᠯᠡᠯ ᠢ ᠬᠤᠷᠢᠶᠠᠨ ᠬᠠᠳᠠᠭᠠᠯᠠᠬᠤ ᠠᠵᠢᠯ ᠢ ᠨᠡᠩ ᠰᠠᠶᠢᠲᠤᠷ ᠬᠢᠬᠦ ᠶᠢᠨ ᠲᠤᠰᠠᠳᠠ ᠬᠤᠷᠢᠶᠠᠨ ᠬᠠᠳᠠᠭᠠᠯᠠᠭᠰᠠᠨ ᠵᠦᠢᠯ ᠤᠨ ᠲᠤᠬᠠᠢ ᠰᠤᠳᠤᠯᠭ᠎ᠠ ᠪᠠᠨ ᠴᠢᠩᠭᠠᠳᠬᠠᠬᠤ ᠬᠡᠷᠡᠭᠲᠡᠢ ᠃ ᠭᠤᠣᠯ ᠠᠵᠢᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠂ ᠡᠯ᠎ᠡ ᠲᠠᠯ᠎ᠠ ᠶᠢᠨ ᠬᠢᠨ ᠢ ᠬᠠᠪᠰᠤᠷᠤᠨ ᠲᠡᠦᠬᠡ ᠶᠢᠨ ᠰᠤᠳᠤᠷ ᠪᠢᠴᠢᠭ ᠤᠨ ᠬᠡᠪᠯᠡᠯ ᠢ ᠰᠤᠳᠤᠯᠬᠤ ᠪᠠ ᠠᠭᠤᠳᠠᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠶᠡᠷᠦᠩᠬᠡᠶᠢᠯᠡᠪᠡᠯ ᠂ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠢ ᠪᠦᠲᠦᠭᠡᠨ ᠪᠠᠶᠢᠭᠤᠯᠬᠤ ᠪᠣᠯ ᠪᠣᠯᠪᠠᠰᠤᠨ ᠶᠡᠭᠡ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠢᠨᠵᠧᠨᠧᠷᠢᠩ ᠮᠥᠨ ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠦᠶ᠎ᠡ ᠳᠤ ᠠᠰᠢᠭ ᠬᠦᠷᠲᠡᠭᠡᠬᠦ ᠬᠥᠰᠢᠶ᠎ᠡ ᠲᠡᠮᠳᠡᠭ ᠤᠨ ᠴᠢᠨᠠᠷᠲᠠᠢ ᠰᠣᠶᠣᠯ ᠤᠨ ᠢᠨᠵᠧᠨᠧᠷᠢᠩ ᠮᠥᠨ ᠭᠡᠵᠦ ᠴᠢᠬᠤᠯᠠᠴᠢᠯᠠᠪᠠ ᠃
2 ᠤᠨ ᠤᠨ ᠦᠳᠡ ᠶᠢᠨ ᠬᠤᠶᠢᠨ᠎ᠠ ᠂ ᠰᠢ ᠶᠢᠨ ᠫᠢᠩ ᠲᠡᠷᠭᠡᠨ ᠳᠤ ᠰᠠᠭᠤᠵᠤ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠳᠤ ᠭᠦᠷᠪᠡ ᠃ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠭᠤᠣᠯ ᠡᠭᠦᠷᠭᠡ ᠬᠠᠷᠢᠭᠤᠴᠠᠯᠭ᠎ᠠ ᠪᠣᠯ ᠪᠦᠭᠦ ᠤᠯᠤᠰ ᠤᠨ ᠲᠡᠦᠬᠡ ᠶᠢᠨ ᠰᠤᠳᠤᠯᠭᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠴᠤ ᠂ ᠡᠬᠢ ᠪᠠᠶᠠᠯᠢᠭ ᠪᠣᠯᠣᠨ ᠬᠦᠴᠦᠨ ᠢ ᠨᠡᠶᠢᠳᠬᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠲᠥᠯᠦᠪᠵᠢᠭᠦᠯᠭᠡ ᠶᠢ ᠲᠣᠭᠲᠠᠭᠠᠵᠤ ᠂ ᠤᠯᠤᠰ ᠤᠨ ᠲᠡᠦᠬᠡ ᠶᠢᠨ ᠤᠬᠠᠭᠠᠨ ᠤ ᠴᠢᠬᠤᠯᠠ ᠶᠡᠭᠡ ᠡᠷᠳᠡᠮ ᠰᠢᠨᠵᠢᠯᠡᠭᠡᠨ ᠤ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠳᠠᠯ ᠪᠣᠯᠣᠨ᠎ᠠ ᠃ ᠰᠢ ᠶᠢᠨ ᠫᠢᠩ ᠬᠦᠷᠢᠶᠡᠯᠡᠩ ᠤᠨ ᠳᠣᠲᠣᠷᠠᠬᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠮᠦᠽᠧᠢ ᠳᠤ ᠬᠦᠷᠴᠦ ᠂ ᠤᠷᠢᠳ ᠬᠤᠵᠢᠳ ᠪᠣᠯᠪᠠᠰᠤᠨ ᠤ ᠡᠭᠦᠰᠦᠯ ᠪᠠ ᠳᠤᠮᠳᠠᠳᠤ ᠤᠯᠤᠰ ᠤᠨ ᠲᠤᠬᠠᠢ ᠲᠤᠰᠬᠠᠢ ᠰᠡᠳᠦᠪᠲᠦ ᠦᠵᠡᠭᠦᠯᠭᠡ ᠶᠢ ᠲᠣᠭᠤᠷᠢᠨ ᠦᠵᠡᠵᠦ ᠂ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠪᠠ ᠰᠢᠶᠠ ᠱᠠᠩ ᠵᠧᠦ ᠶᠢᠨ ᠦᠶ᠎ᠡ ᠶᠢᠨ ᠴᠢᠬᠤᠯᠠ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ ᠶᠢ ᠣᠶᠢᠯᠠᠭᠠᠬᠤ ᠶᠢᠨ ᠵᠡᠷᠭᠡ ᠪᠠᠷ ᠬᠤᠯᠪᠣᠭᠳᠠᠯ ᠪᠦᠬᠦᠢ ᠰᠤᠳᠤᠯᠭᠠᠨ ᠤ ᠠᠵᠢᠯ ᠤᠨ ᠠᠬᠢᠴᠠ ᠶᠢ ᠯᠠᠪᠯᠠᠨ ᠠᠰᠠᠭᠤᠪᠠ ᠃ ᠲᠠᠷᠠᠭ᠎ᠠ ᠨᠢ ᠂ ᠰᠢ ᠶᠢᠨ ᠫᠢᠩ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠬᠡᠰᠡᠭ ᠣᠷᠳᠣᠨ ᠳᠤ ᠬᠠᠳᠠᠭᠠᠯᠠᠭᠳᠠᠵᠤ ᠪᠠᠶᠢᠭ᠎ᠠ ᠬᠤᠪᠣᠷ ᠨᠠᠨᠳᠢᠨ ᠡᠷᠲᠡᠨ ᠤ ᠨᠣᠮ ᠪᠢᠴᠢᠭ ᠪᠣᠯᠣᠨ ᠲᠤᠯᠭᠤᠷ ᠪᠢᠴᠢᠭ ᠤᠨ ᠲᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠥᠭᠡᠳ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠡᠮᠦᠨ᠎ᠡ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ ᠃
ᠰᠢ ᠶᠢᠨ ᠫᠢᠩ ᠂ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠲᠡᠦᠬᠡ ᠶᠢ ᠲᠠᠨᠢᠵᠤ ᠂ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠶᠢ ᠣᠶᠢᠯᠠᠭᠠᠬᠤ ᠳᠤ ᠬᠠᠭᠤᠴᠢ ᠰᠤᠳᠤᠯᠤᠯ ᠤᠨ ᠤᠬᠠᠭᠠᠨ ᠠᠴᠠ ᠰᠠᠯᠵᠤ ᠴᠢᠳᠠᠬᠤ ᠦᠭᠡᠢ ᠶᠤᠮ ᠃ 《ᠳᠤᠮᠳᠠᠳᠤ ᠶᠢᠨ ᠪᠣᠯᠪᠠᠰᠤᠨ ᠤ ᠡᠭᠦᠰᠦᠯ ᠪᠠ ᠡᠷᠲᠡ ᠦᠶ᠎ᠡ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠰᠤᠳᠤᠯᠭᠠᠨ》《ᠬᠠᠭᠤᠴᠢ ᠰᠤᠳᠤᠯᠤᠯ ᠤᠨ ᠳᠤᠮᠳᠠᠳᠤ ᠤᠯᠤᠰ》ᠵᠡᠷᠭᠡ ᠴᠢᠬᠤᠯᠠ ᠶᠡᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ ᠂ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠲᠤᠬᠠᠢ ᠰᠤᠳᠤᠯᠭᠠᠨ ᠪᠠ ᠲᠠᠶᠢᠯᠪᠤᠷᠢᠯᠠᠯᠲᠠ ᠶᠢ ᠰᠠᠶᠢᠲᠤᠷ ᠬᠢᠬᠦ ᠬᠡᠷᠡᠭᠲᠡᠢ ᠃ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ 4 ᠵᠢᠯ ᠭᠠᠷᠤᠢ ᠶᠢᠨ ᠲᠤᠷᠰᠢ ᠂ ᠠᠯᠢ ᠤᠯᠠᠨ ᠤᠯᠤᠰ ᠤᠨ ᠲᠡᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠣᠯᠣᠨ ᠡᠷᠳᠡᠮ ᠰᠢᠨᠵᠢᠯᠡᠭᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ ᠂ ᠨᠢᠭᠡ ᠪᠦᠯᠦᠭ ᠴᠢᠨᠠᠷ ᠰᠠᠶᠢᠲᠠᠢ ᠦᠷ᠎ᠡ ᠪᠦᠲᠦᠭᠡᠯ ᠣᠯᠣᠭᠰᠠᠨ ᠢ ᠨᠤᠲᠠᠯᠠᠭᠤᠰᠢᠲᠠᠢ ᠶᠤᠮ ᠃ ᠲᠠ ᠨᠠᠷ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ ᠂ ᠪᠦᠭᠦ ᠤᠯᠤᠰ ᠤᠨ ᠥᠷᠭᠡᠨ ᠤᠯᠠᠨ ᠲᠡᠦᠬᠡ ᠶᠢᠨ ᠰᠤᠳᠤᠯᠭᠠᠨ ᠤ ᠠᠵᠢᠯᠲᠠᠳ ᠢ ᠪᠦᠯᠬᠦᠮᠳᠡᠭᠦᠯᠦᠨ ᠨᠢᠭᠲᠠᠷᠠᠭᠤᠯᠵᠤ ᠂ ᠰᠤᠳᠤᠯᠭᠠᠨ ᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠨᠡᠩ ᠤᠯᠠᠨ ᠳᠤᠮᠳᠠᠳᠤ ᠤᠯᠤᠰ ᠤᠨ ᠲᠡᠦᠬᠡ ᠶᠢᠨ ᠤᠬᠠᠭᠠᠨ ᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃
ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠂ ᠰᠢ ᠶᠢᠨ ᠫᠢᠩ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠳᠤ ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠪᠠ ᠃ ᠬᠤᠷᠠᠯ ᠳᠡᠭᠡᠷ᠎ᠡ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠭᠧᠩ ᠂ ᠪᠡᠭᠡᠵᠢᠩ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠪᠦᠸᠧ ᠂ ᠴᠢᠩᠬᠤᠸᠠ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠫᠧᠩ ᠭᠠᠩ ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠤᠮᠳᠠᠳᠤ ᠤᠯᠤᠰ ᠤᠨ ᠬᠢᠯᠢ ᠬᠢᠵᠠᠭᠠᠷ ᠤᠨ ᠰᠤᠳᠤᠯᠭᠠᠨ ᠤ ᠭᠠᠵᠠᠷ ᠤᠨ ᠳᠠᠷᠤᠭ᠎ᠠ ᠰᠢᠩ ᠭᠤᠸᠠᠩ ᠴᠧᠩ ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠹᠠᠨ ᠳ᠋ᠢ ᠠᠨ ᠂ ᠨᠠᠨᠵᠢᠩ ᠶᠡᠭᠡ ᠰᠤᠷᠭᠠᠭᠤᠯᠢ ᠶᠢᠨ ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠨᠡᠷ᠎ᠡ ᠬᠦᠨᠳᠦᠲᠦ ᠫᠷᠤᠹᠧᠰᠰᠤᠷ ᠮᠦᠸᠧ ᠯᠢ ᠹᠧᠩ ᠤᠷᠢᠳ ᠬᠤᠵᠢᠳ ᠦᠭᠡ ᠬᠡᠯᠡᠪᠡ ᠃
ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠳᠤᠮᠳᠠᠳᠤ ᠤᠯᠤᠰ ᠤᠨ ᠰᠣᠶᠣᠯ ᠥᠨᠢ ᠤᠳᠠᠭᠠᠨ ᠤᠯᠠᠮᠵᠢᠯᠠᠯ ᠲᠠᠢ ᠂ ᠳᠤᠮᠳᠠᠳᠤ ᠶᠢᠨ ᠪᠣᠯᠪᠠᠰᠤᠨ ᠥᠷᠭᠡᠨ ᠳᠡᠯᠭᠡᠷ ᠭᠦᠨ ᠭᠦᠨᠵᠡᠭᠡᠢ ᠶᠤᠮ ᠃ ᠭᠠᠭᠴᠠ ᠬᠦ ᠳᠤᠮᠳᠠᠳᠤ ᠶᠢᠨ ᠪᠣᠯᠪᠠᠰᠤᠨ ᠤ ᠲᠡᠦᠬᠡ ᠶᠢ ᠪᠦᠭᠦ ᠲᠠᠯ᠎ᠠ ᠪᠠᠷ ᠭᠦᠨᠵᠡᠭᠡᠢ ᠣᠶᠢᠯᠠᠭᠠᠪᠠᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠨᠡᠩ ᠪᠦᠲᠦᠮᠵᠢᠲᠡᠢ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠨᠡᠩ ᠬᠦᠴᠦᠲᠡᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠵᠤ ᠴᠢᠳᠠᠨ᠎ᠠ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠮᠠᠰᠢ ᠤᠯᠠᠨ ᠴᠢᠬᠤᠯᠠ ᠡᠯᠧᠮᠧᠨ᠋ᠲ ᠪᠠᠶᠢᠵᠤ ᠂ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠢ ᠬᠠᠮᠲᠤ ᠪᠠᠷ ᠪᠤᠢ ᠪᠤᠯᠭᠠᠬᠰᠠᠨ ᠶᠤᠮ ᠃ ᠳᠤᠮᠳᠠᠳᠤ ᠶᠢᠨ ᠪᠣᠯᠪᠠᠰᠤᠨ ᠨᠢ ᠲᠣᠪᠣᠶᠢᠮ᠎ᠠ ᠦᠷᠭᠦᠯᠵᠢᠯᠡᠬᠦ ᠴᠢᠨᠠᠷ ᠲᠠᠢ ᠪᠠᠶᠢᠵᠤ ᠂ ᠳᠤᠮᠳᠠᠳᠤ ᠶᠢᠨ ᠦᠨᠳᠦᠰᠦᠲᠡᠨ ᠵᠠᠶᠢᠯᠠᠰᠢ ᠦᠭᠡᠢ ᠪᠠᠷ ᠥᠪᠡᠷ ᠤᠨ ᠵᠠᠮ ᠢᠶᠠᠷ ᠢᠶᠠᠨ ᠵᠠᠮᠨᠠᠬᠤ ᠶᠢ ᠦᠨᠳᠦᠰᠦᠨ ᠠᠴᠠ ᠨᠢ ᠲᠣᠭᠲᠠᠭᠠᠭᠰᠠᠨ ᠶᠤᠮ ᠃ ᠬᠡᠷᠪᠡ ᠥᠨᠢ ᠤᠳᠠᠭᠠᠨ ᠲᠡᠦᠬᠡ ᠶᠢᠨ ᠦᠷᠭᠦᠯᠵᠢᠯᠡᠬᠦ ᠴᠢᠨᠠᠷ ᠠᠴᠠ ᠳᠤᠮᠳᠠᠳᠤ ᠤᠯᠤᠰ ᠢ ᠲᠠᠨᠢᠬᠤ ᠦᠭᠡᠢ ᠪᠣᠯ ᠡᠷᠲᠡᠨ ᠤ ᠳᠤᠮᠳᠠᠳᠤ ᠤᠯᠤᠰ ᠢ ᠣᠶᠢᠯᠠᠭᠠᠵᠤ ᠴᠢᠳᠠᠬᠤ ᠦᠭᠡᠢ ᠂ ᠤᠳᠤ ᠦᠶ᠎ᠡ ᠶᠢᠨ ᠳᠤᠮᠳᠠᠳᠤ ᠤᠯᠤᠰ ᠢ ᠴᠤ ᠣᠶᠢᠯᠠᠭᠠᠵᠤ ᠴᠢᠳᠠᠬᠤ ᠦᠭᠡᠢ ᠂ ᠢᠷᠡᠭᠡᠳᠦᠢ ᠶᠢᠨ ᠳᠤᠮᠳᠠᠳᠤ ᠤᠯᠤᠰ ᠢ ᠨᠡᠩ ᠴᠤ ᠣᠶᠢᠯᠠᠭᠠᠵᠤ ᠴᠢᠳᠠᠬᠤ ᠦᠭᠡᠢ ᠶᠤᠮ ᠃ ᠳᠤᠮᠳᠠᠳᠤ ᠶᠢᠨ ᠪᠣᠯᠪᠠᠰᠤᠨ ᠳᠤ ᠲᠣᠪᠣᠶᠢᠮ᠎ᠠ ᠰᠢᠨ᠎ᠡ ᠶᠢ ᠡᠭᠦᠳᠬᠦ ᠴᠢᠨᠠᠷ ᠲᠠᠢ ᠪᠠᠶᠢᠳᠠᠭ ᠂ ᠡᠨᠡ ᠨᠢ ᠳᠤᠮᠳᠠᠳᠤ ᠶᠢᠨ ᠦᠨᠳᠦᠰᠦᠲᠡᠨ ᠤ ᠲᠥᠪ ᠶᠣᠰᠣ ᠶᠢ ᠪᠠᠷᠢᠮᠲᠠᠯᠠᠭᠰᠠᠨ ᠴᠦ ᠬᠠᠭᠤᠴᠢᠨ ᠢᠶᠠᠨ ᠪᠠᠷᠢᠮᠲᠠᠯᠠᠬᠤ ᠦᠭᠡᠢ ᠂ ᠡᠷᠲᠡᠨ ᠤ ᠬᠢ ᠶᠢ ᠬᠦᠨᠳᠦᠳᠬᠡᠭᠰᠡᠨ ᠴᠦ ᠡᠷᠲᠡᠨ ᠤ ᠬᠢ ᠶᠢ ᠦᠯᠦ ᠰᠡᠷᠭᠦᠭᠡᠬᠦ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠦᠨᠳᠦᠰᠦᠨ ᠠᠴᠠ ᠨᠢ ᠲᠣᠭᠲᠠᠭᠠᠵᠤ ᠂ ᠳᠤᠮᠳᠠᠳᠤ ᠶᠢᠨ ᠦᠨᠳᠦᠰᠦᠲᠡᠨ ᠰᠢᠨ᠎ᠡ ᠥᠷᠢᠰᠦᠯᠳᠦᠭᠡᠨ ᠠᠴᠠ ᠠᠶᠤᠬᠤ ᠦᠭᠡᠢ ᠂ ᠰᠢᠨ᠎ᠡ ᠬᠡᠷᠡᠭ ᠪᠣᠳᠠᠰ ᠢ ᠵᠣᠷᠢᠭᠲᠠᠢ ᠪᠠᠷ ᠭᠥᠯᠢᠶᠡᠨ ᠠᠪᠬᠤ ᠬᠠᠳᠠᠨ ᠵᠣᠷᠢᠭ ᠢ ᠲᠣᠭᠲᠠᠭᠠᠭᠰᠠᠨ ᠶᠤᠮ ᠃ ᠳᠤᠮᠳᠠᠳᠤ ᠶᠢᠨ ᠪᠣᠯᠪᠠᠰᠤᠨ ᠲᠣᠪᠣᠶᠢᠮ᠎ᠠ ᠨᠢᠭᠡᠳᠦᠮᠡᠯ ᠴᠢᠨᠠᠷ ᠲᠠᠢ ᠪᠠᠶᠢᠳᠠᠭ ᠂ ᠡᠨᠡ ᠨᠢ ᠳᠤᠮᠳᠠᠳᠤ ᠶᠢᠨ ᠦᠨᠳᠦᠰᠦᠲᠡᠨ ᠤ ᠦᠨᠳᠦᠰᠦᠲᠡᠨ ᠨᠦᠭᠦᠳ ᠤᠨ ᠰᠣᠶᠣᠯ ᠨᠢᠭᠡ ᠴᠣᠭᠴᠠ ᠪᠣᠯᠣᠨ ᠠᠭᠤᠰᠬᠤ ᠂ ᠬᠦᠨᠳᠦ ᠶᠡᠭᠡ ᠨᠤᠭᠤᠷᠠᠯ ᠪᠦᠳᠦᠷᠢᠯ ᠳᠤ ᠤᠴᠠᠷᠠᠭᠰᠠᠨ ᠴᠤ ᠪᠠᠲᠤ ᠪᠠᠬᠢ ᠨᠢᠭᠲᠠᠷᠠᠬᠤ ᠶᠢ ᠦᠨᠳᠦᠰᠦᠨ ᠠᠴᠠ ᠨᠢ ᠲᠣᠭᠲᠠᠭᠠᠵᠤ ᠂ ᠤᠯᠤᠰ ᠤᠨ ᠨᠤᠲᠤᠭ ᠳᠡᠪᠢᠰᠬᠡᠷ ᠰᠠᠯᠵᠤ ᠪᠣᠯᠣᠰᠢ ᠦᠭᠡᠢ ᠂ ᠤᠯᠤᠰ ᠣᠷᠣᠨ ᠰᠠᠮᠠᠭᠤᠷᠠᠵᠤ ᠪᠣᠯᠣᠰᠢ ᠦᠭᠡᠢ ᠂ ᠦᠨᠳᠦᠰᠦᠲᠡᠨ ᠰᠠᠷᠨᠢᠵᠤ ᠪᠣᠯᠣᠰᠢ ᠦᠭᠡᠢ ᠂ ᠪᠣᠯᠪᠠᠰᠤᠨ ᠳᠠᠰᠤᠷᠠᠵᠦ ᠪᠣᠯᠣᠰᠢ ᠦᠭᠡᠢ ᠠᠴᠠ ᠬᠠᠮᠲᠤ ᠶᠢᠨ ᠢᠲᠡᠭᠡᠯ ᠪᠢᠰᠢᠷᠡᠯ ᠢ ᠲᠣᠭᠲᠠᠭᠠᠵᠤ ᠂ ᠤᠯᠤᠰ ᠣᠷᠣᠨ ᠤ ᠨᠢᠭᠡᠳᠦᠯ ᠪᠣᠯ ᠥᠨᠢ ᠡᠭᠦᠷᠢᠳᠡ ᠳᠤᠮᠳᠠᠳᠤ ᠤᠯᠤᠰ ᠤᠨ ᠭᠤᠣᠯᠯᠠᠬᠤ ᠠᠰᠢᠭ ᠲᠤᠰᠠ ᠶᠢᠨ ᠭᠤᠣᠯᠳᠠᠯᠭ᠎ᠠ ᠪᠤᠯᠬᠤ ᠶᠢ ᠲᠣᠭᠲᠠᠭᠠᠵᠤ ᠂ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ ᠭᠡᠳᠡᠭ ᠢ ᠲᠣᠭᠲᠠᠭᠠᠵᠠᠢ ᠃ ᠳᠤᠮᠳᠠᠳᠤ ᠶᠢᠨ ᠪᠣᠯᠪᠠᠰᠤᠨ ᠨᠢ ᠲᠣᠪᠣᠶᠢᠮ᠎ᠠ ᠪᠠᠭᠲᠠᠭᠠᠮᠵᠢᠲᠤ ᠴᠢᠨᠠᠷ ᠲᠠᠢ ᠪᠠᠶᠢᠳᠠᠭ ᠂ ᠡᠨᠡ ᠨᠢ ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠬᠠᠨᠳᠤᠰᠢ ᠶᠢ ᠦᠨᠳᠦᠰᠦᠨ ᠠᠴᠠ ᠨᠢ ᠲᠣᠭᠲᠠᠭᠠᠵᠤ ᠂ ᠳᠤᠮᠳᠠᠳᠤ ᠤᠯᠤᠰ ᠤᠨ ᠡᠯ᠎ᠡ ᠱᠠᠰᠢᠨ ᠰᠢᠲᠦᠯᠭᠡ ᠶᠢᠨ ᠤᠯᠠᠨ ᠡᠰᠢᠵᠢᠨ ᠵᠡᠷᠭᠡᠴᠡᠨ ᠣᠷᠣᠰᠢᠬᠤ ᠡᠶ᠎ᠡ ᠵᠣᠬᠢᠴᠠᠩᠭᠤᠢ ᠪᠠᠶᠢᠷᠢᠰᠢᠯ ᠢ ᠲᠣᠭᠲᠠᠭᠠᠵᠤ ᠂ ᠳᠤᠮᠳᠠᠳᠤ ᠶᠢᠨ ᠰᠣᠶᠣᠯ ᠤᠨ ᠳᠡᠯᠡᠬᠡᠢ ᠶᠢᠨ ᠪᠣᠯᠪᠠᠰᠤᠨ ᠢ ᠪᠦᠭᠦᠨ ᠢ ᠪᠠᠭᠲᠠᠭᠠᠬᠤ ᠠᠭᠤᠳᠠᠮᠴᠢ ᠬᠡᠬᠦᠳᠡᠭ ᠴᠡᠭᠡᠵᠢ ᠲᠠᠢ ᠪᠠᠶᠢᠬᠤ ᠶᠢ ᠲᠣᠭᠲᠠᠭᠠᠪᠠ ᠃ ᠳᠤᠮᠳᠠᠳᠤ ᠶᠢᠨ ᠪᠣᠯᠪᠠᠰᠤᠨ ᠨᠢ ᠲᠣᠪᠣᠶᠢᠮ᠎ᠠ ᠡᠩᠬᠡ ᠲᠠᠶᠢᠪᠤᠩ ᠴᠢᠨᠠᠷ ᠲᠠᠢ ᠪᠠᠶᠢᠳᠠᠭ ᠂ ᠡᠨᠡ ᠨᠢ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠪᠤᠯᠬᠤ ᠶᠢ ᠦᠨᠳᠦᠰᠦᠨ ᠠᠴᠠ ᠨᠢ ᠲᠣᠭᠲᠠᠭᠠᠵᠤ ᠂ ᠳᠤᠮᠳᠠᠳᠤ ᠤᠯᠤᠰ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠲᠠᠰᠤᠷᠠᠯᠲᠠ ᠦᠭᠡᠢ ᠬᠥᠭᠡᠭᠡᠴᠡᠯᠳᠦᠬᠦ ᠠᠴᠠ ᠪᠢᠰᠢ ᠰᠣᠶᠣᠯ ᠤᠨ ᠡᠵᠡᠷᠬᠡᠭᠯᠡᠯ ᠢ ᠶᠠᠪᠤᠭᠤᠯᠬᠤ ᠦᠭᠡᠢ ᠪᠠᠶᠢᠬᠤ ᠶᠢ ᠲᠣᠭᠲᠠᠭᠠᠵᠤ ᠂ ᠳᠤᠮᠳᠠᠳᠤ ᠤᠯᠤᠰ ᠥᠪᠡᠷ ᠤᠨ ᠦᠷᠲᠡᠭ ᠤᠨ ᠦᠵᠡᠯᠲᠡ ᠪᠣᠯᠣᠨ ᠤᠯᠤᠰ ᠲᠦᠷᠦ ᠶᠢᠨ ᠪᠠᠶᠢᠭᠤᠯᠤᠮᠵᠢ ᠪᠠᠨ ᠪᠤᠰᠤᠳ ᠲᠤ ᠠᠯᠪᠠ ᠪᠠᠷ ᠲᠤᠯᠭᠠᠬᠤ ᠦᠭᠡᠢ ᠪᠠᠶᠢᠬᠤ ᠶᠢ ᠲᠣᠭᠲᠠᠭᠠᠵᠤ ᠂ ᠳᠤᠮᠳᠠᠳᠤ ᠤᠯᠤᠰ ᠬᠠᠮᠲᠤᠷᠠᠨ ᠠᠵᠢᠯᠯᠠᠬᠤ ᠶᠢ ᠪᠠᠷᠢᠮᠲᠠᠯᠠᠵᠤ ᠂ ᠡᠰᠡᠷᠭᠦᠴᠡᠯᠳᠦᠬᠦ ᠦᠭᠡᠢ ᠪᠠᠶᠢᠬᠤ ᠶᠢ ᠲᠣᠭᠲᠠᠭᠠᠵᠤ ᠂ 《ᠬᠠᠨᠢ ᠬᠠᠮᠰᠠᠭᠠᠲᠠᠨ ᠲᠠᠢ ᠪᠠᠨ ᠨᠡᠶᠢᠯᠡᠵᠦ ᠬᠠᠷᠰᠢ ᠡᠲᠡᠭᠡᠳ ᠢᠶᠠᠨ ᠲᠠᠭᠠᠷᠢᠬᠤ》ᠵᠢᠵᠢᠭ ᠪᠦᠯᠭᠦᠮ ᠪᠠᠶᠢᠭᠤᠯᠬᠤ ᠦᠭᠡᠢ ᠪᠠᠶᠢᠬᠤ ᠶᠢ ᠲᠣᠭᠲᠠᠭᠠᠭᠰᠠᠨ ᠶᠤᠮ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠲᠠᠪᠤᠨ ᠮᠢᠩᠭ᠎ᠠ ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠭᠡᠭᠡᠨ ᠬᠥᠭᠵᠢᠭᠦᠯᠵᠦ ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠪᠣᠯ ᠵᠠᠶᠢᠯᠠᠰᠢ ᠦᠭᠡᠢ ᠵᠠᠮᠨᠠᠬᠤ ᠵᠠᠮ ᠮᠥᠨ ᠃ ᠡᠨᠡ ᠪᠣᠯ ᠮᠠᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠬᠠᠶᠢᠨ ᠰᠦᠪᠡᠭᠴᠢᠯᠡᠬᠦ ᠶᠠᠪᠤᠴᠠ ᠳᠤ ᠣᠯᠣᠭᠰᠠᠨ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ ᠂ ᠮᠠᠨ ᠤ ᠠᠮᠵᠢᠯᠲᠠ ᠣᠯᠬᠤ ᠶᠢᠨ ᠬᠠᠮᠤᠭ ᠤᠨ ᠶᠡᠭᠡ ᠡᠷᠳᠡᠨᠢ ᠮᠥᠨ ᠃ ᠨᠢᠭᠡᠳᠦᠭᠡᠷ ᠲᠤ ᠂ 《ᠤᠶᠠᠯᠳᠤᠯ》 ᠤᠨ ᠪᠣᠯ ᠬᠠᠷᠢᠯᠴᠠᠨ ᠵᠣᠬᠢᠴᠠᠯᠳᠤᠬᠤ ᠶᠠᠪᠤᠳᠠᠯ ᠪᠣᠯᠣᠨ᠎ᠠ ᠃ ᠮᠠᠷᠺᠰ ᠤᠨ ᠦᠵᠡᠯ ᠪᠣᠯᠣᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠢᠷᠡᠯᠲᠡ ᠨᠢ ᠠᠳᠠᠯᠢ ᠪᠤᠰᠤ ᠪᠤᠯᠪᠠᠴᠤ ᠬᠠᠷᠢᠯᠴᠠᠨ ᠳᠡᠭᠡᠳᠦ ᠬᠡᠮᠵᠢᠶᠡᠨ ᠤ ᠵᠣᠬᠢᠴᠠᠯᠳᠤ ᠴᠢᠨᠠᠷ ᠣᠷᠣᠰᠢᠵᠤ ᠪᠠᠶᠢᠳᠠᠭ ᠃ ᠬᠠᠷᠢᠯᠴᠠᠨ ᠵᠣᠬᠢᠴᠠᠯᠳᠤᠪᠠᠯ ᠣᠷᠭᠠᠨᠢᠭ ᠢᠶᠠᠷ ᠤᠶᠠᠯᠳᠤᠵᠤ ᠴᠢᠳᠠᠨ᠎ᠠ ᠃ ᠬᠤᠶᠠᠳᠤᠭᠠᠷ ᠲᠤ ᠂ 《ᠤᠶᠠᠯᠳᠤᠯ》 ᠤᠨ ᠦᠷ᠎ᠡ ᠳ᠋ᠦᠩ ᠪᠣᠯ ᠬᠠᠷᠢᠯᠴᠠᠨ ᠠᠮᠵᠢᠯᠲᠠ ᠪᠦᠲᠦᠮᠵᠢ ᠣᠯᠭᠤᠨ ᠂ ᠣᠷᠭᠠᠨᠢᠭ ᠨᠢᠭᠡᠳᠦᠮᠡᠯ ᠰᠢᠨ᠎ᠡ ᠰᠣᠶᠣᠯ ᠤᠨ ᠠᠮᠢ ᠨᠠᠰᠤ ᠶᠢ ᠪᠤᠢ ᠪᠤᠯᠭᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠳᠤ ᠦᠶ᠎ᠡ ᠶᠢᠨ ᠬᠢ ᠪᠤᠯᠭᠠᠵᠤ ᠂ 《ᠤᠶᠠᠯᠳᠤᠯ》 ᠢᠶᠠᠷ ᠲᠠᠮᠵᠢᠨ ᠪᠦᠷᠢᠯᠳᠦᠭᠰᠡᠨ ᠰᠢᠨ᠎ᠡ ᠰᠣᠶᠣᠯ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠭᠡᠯᠪᠡᠷᠢ ᠪᠣᠯᠭᠠᠳᠠᠭ ᠃ ᠭᠤᠷᠪᠠᠳᠤᠭᠠᠷ ᠲᠤ ᠂ 《ᠤᠶᠠᠯᠳᠤᠯ》ᠨᠢ ᠵᠠᠮ ᠤᠨ ᠰᠠᠭᠤᠷᠢ ᠶᠢ ᠪᠠᠲᠤ ᠲᠠᠯᠪᠢᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠨᠡᠩ ᠥᠷᠭᠡᠨ ᠠᠭᠤᠳᠠᠮ ᠠᠯᠤᠰ ᠭᠡᠳᠦ ᠶᠢᠨ ᠲᠡᠦᠬᠡ ᠶᠢᠨ ᠭᠦᠨᠵᠡᠭᠡᠶᠢᠷᠡᠯ ᠲᠠᠢ ᠪᠤᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠰᠣᠶᠣᠯ ᠤᠨ ᠰᠠᠭᠤᠷᠢ ᠶᠢ ᠥᠷᠭᠡᠳᠬᠡᠪᠡ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠶᠢᠨ ᠪᠣᠯᠪᠠᠰᠤᠨ ᠳᠤ ᠤᠳᠤ ᠦᠶ᠎ᠡ ᠶᠢᠨ ᠬᠦᠴᠦᠨ ᠴᠢᠳᠠᠯ ᠣᠯᠭᠤᠵᠤ ᠂ ᠳᠤᠮᠳᠠᠳᠤ ᠶᠢᠨ ᠪᠣᠯᠪᠠᠰᠤᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠭᠦᠨ ᠵᠤᠵᠠᠭᠠᠨ ᠠᠭᠤᠯᠤᠭᠳᠠᠬᠤᠨ ᠣᠯᠭᠤᠪᠠ ᠃ ᠳᠥᠷᠪᠡᠳᠦᠭᠡᠷ ᠲᠤ ᠂ 《ᠤᠶᠠᠯᠳᠤᠯ》ᠨᠢ ᠰᠢᠨ᠎ᠡ ᠶᠢ ᠡᠭᠦᠳᠬᠦ ᠣᠷᠣᠨ ᠵᠠᠢ ᠶᠢ ᠨᠡᠭᠡᠭᠡᠵᠦ ᠂ ᠪᠢᠳᠡ ᠦᠵᠡᠯ ᠰᠠᠨᠠᠭ᠎ᠠ ᠪᠠ ᠰᠣᠶᠣᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠭᠰᠡᠨ ᠪᠥᠭᠡᠳ ᠵᠠᠮ ᠂ ᠤᠨᠤᠯ ᠪᠠ ᠪᠠᠶᠢᠭᠤᠯᠤᠯ ᠳᠤ ᠬᠦᠴᠦᠲᠡᠢ ᠦᠢᠯᠡᠳᠦᠯ ᠦᠵᠡᠭᠦᠯᠪᠡ ᠃ ᠨᠡᠩ ᠴᠢᠬᠤᠯᠠ ᠨᠢ ᠂ 《ᠬᠤᠶᠠᠳᠠᠭᠢ ᠤᠶᠠᠯᠳᠤᠯ》ᠪᠣᠯ ᠪᠠᠰᠠ ᠨᠢᠭᠡ ᠤᠳᠠᠭᠠᠨ ᠤ ᠦᠵᠡᠯ ᠰᠠᠨᠠᠭᠠᠨ ᠤ ᠴᠢᠯᠦᠭᠡᠯᠡᠯᠲᠡ ᠮᠥᠨ ᠂ ᠪᠢᠳᠡ ᠨᠡᠩ ᠥᠷᠭᠡᠨ ᠠᠭᠤᠳᠠᠮ ᠰᠣᠶᠣᠯ ᠤᠨ ᠣᠷᠣᠨ ᠵᠠᠢ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠷᠬᠢᠮ ᠨᠠᠨᠳᠢᠨ ᠡᠬᠢ ᠪᠠᠶᠠᠯᠢᠭ ᠢ ᠭᠦᠢᠴᠡᠳ ᠠᠰᠢᠭᠯᠠᠵᠤ ᠂ ᠢᠷᠡᠭᠡᠳᠦᠢ ᠳᠤ ᠬᠠᠨᠳᠤᠭᠰᠠᠨ ᠤᠨᠤᠯ ᠪᠠ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ ᠴᠢᠳᠠᠨ᠎ᠠ ᠃ ᠲᠠᠪᠤᠳᠤᠭᠠᠷ ᠲᠤ ᠂ 《ᠤᠶᠠᠯᠳᠤᠯ》ᠨᠢ ᠰᠣᠶᠣᠯ ᠤᠨ ᠪᠡᠶᠡᠴᠢ ᠴᠣᠭᠴᠠᠲᠤ ᠴᠢᠨᠠᠷ ᠢ ᠪᠠᠬᠢᠵᠢᠭᠦᠯᠪᠡ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠬᠤ ᠪᠣᠯ ᠡᠨᠡ ᠬᠦ ᠰᠣᠶᠣᠯ ᠤᠨ ᠪᠡᠶᠡᠴᠢ ᠴᠣᠭᠴᠠᠲᠤ ᠴᠢᠨᠠᠷ ᠤᠨ ᠬᠠᠮᠤᠭ ᠤᠨ ᠬᠦᠴᠦᠲᠡᠢ ᠢᠯᠡᠷᠡᠯ ᠮᠥᠨ ᠃ 《ᠬᠤᠶᠠᠳᠠᠭᠢ ᠤᠶᠠᠯᠳᠤᠯ》ᠪᠣᠯ ᠮᠠᠨ ᠤ ᠨᠠᠮ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠲᠡᠦᠬᠡᠨ ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ ᠂ ᠳᠤᠮᠳᠠᠳᠤ ᠶᠢᠨ ᠪᠣᠯᠪᠠᠰᠤᠨ ᠤ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠳᠡᠭᠰᠡᠨ ᠶᠠᠪᠤᠳᠠᠯ ᠮᠥᠨ ᠂ ᠲᠡᠷᠡ ᠨᠢ ᠮᠠᠨ ᠤ ᠨᠠᠮ ᠤᠨ ᠳᠤᠮᠳᠠᠳᠤ ᠤᠯᠤᠰ ᠤᠨ ᠵᠠᠮ ᠂ ᠣᠨᠣᠯ ᠂ ᠪᠠᠶᠢᠭᠤᠯᠤᠯ ᠤᠨ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠥᠭᠰᠡᠨ ᠢ ᠬᠠᠷᠠᠭᠤᠯᠵᠤ ᠂ ᠮᠠᠨ ᠤ ᠨᠠᠮ ᠤᠨ ᠲᠡᠦᠬᠡ ᠶᠢᠨ ᠢᠲᠡᠭᠡᠯ ᠂ ᠰᠣᠶᠣᠯ ᠤᠨ ᠢᠲᠡᠭᠡᠯ ᠰᠢᠨ᠎ᠡ ᠥᠨᠳᠥᠷᠴᠡ ᠳᠤ ᠭᠦᠷᠥᠭᠰᠡᠨ ᠢ ᠬᠠᠷᠠᠭᠤᠯᠵᠤ ᠂ ᠮᠠᠨ ᠤ ᠨᠠᠮ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤᠮᠳᠠ ᠰᠣᠶᠣᠯ ᠤᠨ ᠰᠢᠨ᠎ᠡ ᠡᠭᠦᠳᠦᠯᠲᠡ ᠶᠢ ᠠᠬᠢᠭᠤᠯᠬᠤ ᠤᠬᠠᠮᠰᠠᠷᠲᠤ ᠴᠢᠨᠠᠷ ᠰᠢᠨ᠎ᠡ ᠥᠨᠳᠥᠷᠴᠡ ᠳᠤ ᠭᠦᠷᠥᠭᠰᠡᠨ ᠢ ᠬᠠᠷᠠᠭᠤᠯᠵᠤ ᠪᠠᠶᠢᠨ᠎ᠠ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠨᠠᠮ ᠪᠣᠯᠣᠨ ᠠᠷᠠᠳ ᠲᠦᠮᠡᠨ ᠢ ᠤᠳᠤᠷᠢᠳᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠦᠢᠯᠡᠳᠦᠯᠭᠡ ᠳᠤᠮᠳᠠ ᠂ ᠰᠣᠶᠣᠯ ᠤᠨ ᠪᠠᠶᠢᠭᠤᠯᠤᠯᠲᠠ ᠶᠢ ᠪᠦᠭᠦ ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ ᠂ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠳᠤᠷᠠᠳᠴᠠᠢ ᠃ ᠡᠳᠡᠭᠡᠷ ᠴᠢᠬᠤᠯᠠ ᠦᠵᠡᠯᠲᠡ ᠪᠣᠯ ᠰᠢᠨ᠎ᠡ ᠴᠠᠭ ᠦᠶ᠎ᠡ ᠶᠢᠨ ᠨᠠᠮ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠮᠥᠨ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠨ ᠂ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠵᠤ ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠥᠪᠡᠷ ᠤᠨ ᠵᠠᠮ ᠢᠶᠠᠷ ᠢᠶᠠᠨ ᠵᠠᠮᠨᠠᠬᠤ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠲᠡᠦᠬᠡ ᠶᠢᠨ ᠦᠢᠯᠡᠳᠦᠯᠭᠡ ᠪᠣᠯᠣᠨ ᠤᠳᠤ ᠦᠶ᠎ᠡ ᠶᠢᠨ ᠦᠢᠯᠡᠳᠦᠯᠭᠡ ᠳᠤ ᠰᠠᠭᠤᠷᠢᠯᠠᠵᠤ ᠂ ᠳᠤᠮᠳᠠᠳᠤ ᠤᠯᠤᠰ ᠤᠨ ᠶᠣᠰᠣ ᠵᠢᠷᠤᠮ ᠢᠶᠠᠷ ᠳᠤᠮᠳᠠᠳᠤ ᠤᠯᠤᠰ ᠤᠨ ᠲᠤᠷᠰᠢᠯᠭ᠎ᠠ ᠶᠢ ᠰᠠᠶᠢᠲᠤᠷ ᠳ᠋ᠦᠩᠨᠡᠵᠦ ᠂ ᠳᠤᠮᠳᠠᠳᠤ ᠤᠯᠤᠰ ᠤᠨ ᠲᠤᠷᠰᠢᠯᠭ᠎ᠠ ᠶᠢ ᠳᠤᠮᠳᠠᠳᠤ ᠤᠯᠤᠰ ᠤᠨ ᠤᠨᠤᠯ ᠪᠣᠯᠭᠠᠨ ᠳᠡᠭᠡᠭᠰᠢᠯᠡᠭᠦᠯᠵᠦ ᠂ ᠤᠶᠤᠨ ᠰᠠᠨᠠᠭᠠᠨ ᠤ ᠲᠠᠯ᠎ᠠ ᠪᠠᠷ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠡᠶᠡᠯᠡᠭᠦᠯᠬᠦ ᠬᠡᠷᠡᠭᠲᠡᠢ ᠃ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠪᠠᠷᠢᠮᠲᠠᠯᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ ᠂ ᠭᠠᠳᠠᠭᠠᠳᠤ ᠶᠢᠨ ᠰᠣᠶᠣᠯ ᠢ ᠣᠷᠣᠨ ᠨᠤᠲᠤᠭᠴᠢᠯᠠᠬᠤ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠪᠣᠶᠢᠵᠢᠭᠤᠯᠤᠨ ᠡᠭᠦᠳᠬᠦ ᠬᠡᠷᠡᠭᠲᠡᠢ ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠵᠣᠷᠢᠭ ᠢᠶᠠᠷ ᠲᠡᠦᠬᠡ ᠰᠣᠶᠣᠯ ᠤᠨ ᠵᠠᠯᠭᠠᠮᠵᠢᠯᠠᠯ ᠢ ᠦᠷᠭᠦᠯᠵᠢᠯᠡᠭᠦᠯᠵᠦ ᠂ ᠣᠲᠣ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠼᠠᠢ ᠴᠢ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠠᠯᠢ ᠤᠯᠠᠨ ᠴᠢᠬᠤᠯᠠ ᠶᠡᠭᠡ ᠤᠨᠤᠯ ᠤᠨ ᠪᠠ ᠪᠣᠳᠠᠲᠤ ᠠᠰᠠᠭᠤᠳᠠᠯ ᠢ ᠪᠦᠭᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠪᠠᠶᠢᠯᠳᠤᠬᠤ ᠪᠣᠳᠣᠯᠭ᠎ᠠ ᠶᠢᠨ ᠴᠢᠨᠠᠷ ᠂ ᠵᠢᠯᠤᠭᠤᠳᠬᠤ ᠴᠢᠨᠠᠷ ᠲᠠᠢ ᠶᠤᠮ ᠃ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ ᠂ 《ᠲᠦᠷᠪᠡᠨ ᠤᠬᠠᠮᠰᠠᠷ》 ᠢᠶᠠᠨ ᠴᠢᠩᠭᠠᠳᠬᠠᠵᠤ ᠂ 《ᠲᠦᠷᠪᠡᠨ ᠢᠲᠡᠭᠡᠯ 》 ᠢᠶᠠᠨ ᠪᠠᠲᠤᠳᠬᠠᠵᠤ ᠂ 《ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠳᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠰᠢᠨ᠎ᠡ ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠃ ᠰᠤᠳᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ ᠂ ᠰᠤᠷᠤᠬᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠪᠣᠯᠣᠨ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠯᠢ ᠱᠤ᠋ ᠯᠧᠢ ᠂ ᠲᠢᠶᠧ ᠨᠢᠩ ᠂ ᠱᠧᠨ ᠢ ᠴᠢᠨ ᠂ ᠴᠢᠨ ᠭᠠᠩ ᠂ ᠵᠢᠶᠠᠩ ᠰᠢᠨ ᡁᠢ ᠨᠠᠷ ᠳᠡᠭᠡᠷᠡᠬᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ ᠃ ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠂ ᠲᠥᠪ ᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠵᠠᠢ ᠃