ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠰᠦᠢᠳᠬᠡᠯ ᠬᠤᠷᠢᠶᠠᠬᠤ ᠦᠭᠡᠢ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠨᠢ ᠲᠦᠮᠡᠨ ᠡᠮᠡᠭᠲᠡᠢ ᠬᠥᠳᠡᠯᠮᠦᠷᠢᠴᠢᠳ ᠲᠤ ᠠᠰᠢᠭ ᠬᠦᠷᠲᠡᠭᠡᠬᠦ ᠪᠣᠯᠣᠨ᠎ᠠ
ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ ᠂ ᠡᠮᠡᠭᠲᠡᠢ ᠬᠥᠳᠡᠯᠮᠦᠷᠢᠴᠢᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠵᠤ᠂ ᠡᠮᠡᠭᠲᠡᠢ ᠬᠥᠳᠡᠯᠮᠦᠷᠢᠴᠢᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠮᠡᠭᠲᠡᠢ ᠬᠥᠳᠡᠯᠮᠦᠷᠢᠴᠢᠳ ᠤᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠶᠢᠨ ᠲᠤᠰᠠᠳᠠ ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠠᠴᠠ ᠪᠥᠬᠦ ᠣᠷᠣᠨ ᠤ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ 1 ᠲᠦᠮᠡᠨ ᠡᠮᠡᠭᠲᠡᠢ ᠬᠥᠳᠡᠯᠮᠦᠷᠢᠴᠢᠨ ᠳᠤ ᠰᠦᠢᠳᠬᠡᠯ ᠬᠤᠷᠢᠶᠠᠬᠤ ᠦᠭᠡᠢ ᠪᠠᠷ 《ᠬᠤᠶᠠᠷ ᠥᠮᠡᠨ》 ᠤ ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠬᠤ ᠪᠠᠷ ᠪᠤᠢ ᠃
ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠭᠰᠢᠨ ᠪᠠᠶᠢᠴᠠᠭᠠᠬᠤ ᠦᠢᠯᠡᠴᠢᠯᠡᠭᠡ ᠶᠢᠨ ᠭᠤᠣᠯᠳᠠᠯᠭ᠎ᠠ ᠶᠢ ᠪᠦᠬᠦᠯᠢ 35 ᠨᠠᠰᠤᠨ ᠠᠴᠠ ᠪᠦᠬᠦᠯᠢ 60 ᠨᠠᠰᠤᠨ ᠤ ᠬᠤᠭᠤᠷᠤᠨᠳᠤᠬᠢ ᠪᠠᠷᠠᠭᠠᠨ ᠤ ᠲᠡᠷᠭᠡᠨ ᠤ ᠡᠮᠡᠭᠲᠡᠢ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠬᠡᠯᠪᠡᠷᠢ ᠶᠢᠨ ᠲᠡᠷᠭᠡᠨ ᠤ ᠡᠮᠡᠭᠲᠡᠢ ᠵᠢᠯᠣᠭᠤᠴᠢ᠂ ᠡᠮᠡᠭᠲᠡᠢ ᠲᠦᠷᠭᠡᠨ ᠢᠯᠡᠭᠡᠯᠲᠡ ᠬᠦᠷᠭᠡᠭᠴᠢ᠂ ᠡᠮᠡᠭᠲᠡᠢ ᠬᠤᠭᠤᠯᠠ ᠬᠦᠷᠭᠡᠭᠴᠢ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠡᠮᠡᠭᠲᠡᠢ ᠬᠥᠳᠡᠯᠮᠦᠷᠢᠴᠢᠳ ᠲᠤ ᠬᠠᠨᠳᠤᠭᠤᠯᠵᠤ᠂ ᠪᠦᠬᠦᠯᠢ 35 ᠨᠠᠰᠤᠨ ᠠᠴᠠ ᠪᠦᠬᠦᠯᠢ 60 ᠨᠠᠰᠤᠨ ᠤ ᠬᠤᠭᠤᠷᠤᠨᠳᠤᠬᠢ ᠡᠮᠡᠭᠲᠡᠢ ᠠᠰᠠᠷᠠᠭᠴᠢ ᠰᠤᠪᠢᠯᠠᠭᠴᠢ ᠂ ᠭᠡᠷ ᠠᠬᠤᠢ ᠶᠢᠨ ᠡᠮᠡᠭᠲᠡᠢ ᠦᠢᠯᠡᠴᠢᠯᠡᠭᠴᠢ᠂ ᠠᠳᠠᠯ ᠠᠬᠤᠢ ᠶᠢᠨ ᠡᠮᠡᠭᠲᠡᠢ ᠴᠡᠪᠡᠷᠯᠡᠭᠴᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠡᠮᠡᠭᠲᠡᠢ ᠴᠡᠪᠡᠷᠯᠡᠭᠴᠢ ᠵᠡᠷᠭᠡ ᠬᠦᠮᠦᠰ ᠪᠣᠯᠣᠨ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠲᠠᠭᠤᠵᠢᠯᠲᠠᠢ ᠪᠤᠶᠢᠳᠠ ᠪᠥᠭᠯᠡᠭᠦᠦ ᠭᠠᠵᠠᠷ ᠣᠷᠣᠨ ᠳᠤ ᠠᠵᠢᠯᠯᠠᠵᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠳᠤ ᠬᠦᠷᠲᠡᠯ᠎ᠡ ᠤᠷᠲᠤᠳᠬᠠᠨ᠎ᠠ ᠃ 《ᠬᠤᠶᠠᠷ ᠥᠮᠡᠨ》 ᠢ ᠰᠢᠭᠰᠢᠨ ᠪᠠᠶᠢᠴᠠᠭᠠᠬᠤ ᠳᠤ ᠬᠥᠮᠥᠨ ᠪᠦᠷᠢ ᠳᠤ 126 ᠲᠥᠭᠦᠷᠢᠭ ᠤᠨ ᠪᠠᠷᠢᠮᠵᠢᠶ᠎ᠠ︵ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ 47 ᠲᠥᠭᠦᠷᠢᠭ᠂ ᠬᠥᠬᠦᠨ ᠪᠤᠯᠴᠢᠷᠬᠠᠢ ᠶᠢᠨ ᠥᠮᠡᠨ ᠤ ᠰᠢᠭᠰᠢᠨ ᠪᠠᠶᠢᠴᠠᠭᠠᠯᠲᠠ 79 ᠲᠥᠭᠦᠷᠢᠭ︶ ᠪᠠᠷ ᠨᠥᠬᠦᠪᠦᠷᠢ ᠥᠭᠴᠦ᠂ ᠨᠡᠶᠢᠲᠡ 126 ᠲᠦᠮᠡᠨ ᠲᠥᠭᠦᠷᠢᠭ ᠤᠨ ᠨᠦᠬᠦᠪᠦᠷᠢ ᠥᠭᠬᠦ ᠪᠣᠯᠣᠨ᠎ᠠ ᠃
ᠡᠪᠡᠳᠴᠢᠯᠡᠭᠰᠡᠨ ᠡᠮᠡᠭᠲᠡᠢ ᠬᠥᠳᠡᠯᠮᠦᠷᠢᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ 2022 ᠣᠨ ᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠡᠮᠡᠭᠲᠡᠢ ᠠᠵᠢᠯᠲᠠᠨ ᠠᠵᠢᠯᠴᠢᠨ ᠤ 《ᠬᠤᠶᠠᠷ ᠥᠮᠡᠨ》 ᠢ ᠰᠢᠭᠰᠢᠨ ᠪᠠᠶᠢᠴᠠᠭᠠᠬᠤ ᠠᠵᠢᠯᠯᠠᠭ᠎ᠠ ᠳᠤᠮᠳᠠ 《ᠬᠤᠶᠠᠷ ᠥᠮᠡᠨ》 ᠳᠤ ᠨᠡᠷᠪᠡᠭᠳᠡᠭᠰᠡᠨ ᠢᠶᠠᠷ ᠣᠨᠣᠰᠢᠯᠠᠭᠳᠠᠭᠰᠠᠨ 7 ᠡᠪᠡᠳᠴᠢᠲᠡᠨ ᠳᠤ ᠬᠥᠮᠥᠨ ᠪᠦᠷᠢ ᠶᠢᠨ ᠲᠦᠮᠡᠨ ᠲᠥᠭᠦᠷᠢᠭ ᠤᠨ ᠡᠮᠴᠢᠯᠡᠭᠡᠨ ᠤ ᠨᠥᠬᠦᠪᠦᠷᠢ ᠣᠯᠭᠤᠨ᠎ᠠ ᠃