ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠥᠷ ᠮᠣᠩᠭᠤᠯ ᠡᠮ ᠤᠨ ᠵᠦᠢᠯ ᠤᠨ ᠬᠦᠷᠢᠶᠡᠨ ᠳᠠᠬᠢ 78 ᠵᠦᠢᠯ ᠤᠨ ᠲᠤᠬᠠᠶᠢᠯᠠᠭᠰᠠᠨ ᠠᠵᠢᠯ ᠢ ︽ᠦᠨᠡᠮᠯᠡᠯ ᠦᠭᠡᠢ ᠪᠠᠷ ᠭᠦᠢᠴᠡᠳᠬᠡᠬᠦ︾ ᠪᠣᠯᠪᠠ
《ᠦᠨᠡᠮᠯᠡᠯ ᠦᠭᠡᠢ ᠪᠠᠷ ᠭᠦᠢᠴᠡᠳᠬᠡᠬᠦ》ᠭᠡᠳᠡᠭ ᠨᠢ ᠪᠣᠳᠠᠲᠠᠢ ᠦᠨᠡᠮᠯᠡᠯ ᠠᠪᠬᠤ ᠦᠭᠡᠢ ᠪᠠᠷ ᠤᠴᠢᠷ ᠶᠠᠪᠤᠳᠠᠯ ᠭᠦᠢᠴᠡᠳᠬᠡᠬᠦ ᠶᠢ ᠵᠢᠭᠠᠵᠤ ᠪᠠᠶᠢᠨ᠎ᠠ᠃ ᠠᠵᠤ ᠠᠬᠤᠶᠢᠯᠠᠯ ᠤᠨ ᠤᠴᠢᠷ ᠶᠠᠪᠤᠳᠠᠯ ᠭᠦᠢᠴᠡᠳᠬᠡᠬᠦ ᠳᠤ ᠶᠡᠭᠡ ᠪᠠᠷ ᠲᠥᠬᠦᠮ ᠦᠵᠡᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠣᠷᠣᠨ ᠤ ᠲᠣᠰ ᠱᠠᠲᠤᠨ ᠤ ᠡᠮ ᠤᠨ ᠵᠦᠢᠯ ᠳᠤ ᠬᠤᠯᠪᠣᠭᠳᠠᠭᠰᠠᠨ 78 ᠵᠦᠢᠯ ᠤᠨ 《ᠦᠨᠡᠮᠯᠡᠯ ᠦᠭᠡᠢ ᠪᠠᠷ ᠭᠦᠢᠴᠡᠳᠬᠡᠬᠦ》ᠬᠢᠨᠠᠨ ᠵᠥᠪᠰᠢᠶᠡᠷᠡᠬᠦ ᠵᠦᠢᠯᠡᠰ ᠤᠨ 1473 ᠬᠤᠪᠢ ᠭᠤᠶᠤᠴᠢᠯᠠᠬᠤ ᠮᠠᠲ᠋ᠧᠷᠢᠶᠠᠯ ᠠᠴᠠ 254 ᠬᠤᠪᠢ ᠶᠢ ᠨᠢ ᠴᠣᠮᠬᠠᠳᠬᠠᠵᠤ ᠂ ᠴᠣᠮᠬᠠᠳᠬᠠᠭᠰᠠᠨ ᠨᠣᠷᠮ᠎ᠠ ᠨᠢ 17.2% ᠲᠤ ᠬᠦᠷᠴᠦ᠂ ᠠᠵᠤ ᠠᠬᠤᠶᠢᠯᠠᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠠᠪᠤᠴᠠ ᠳᠤ ᠪᠣᠳᠠᠲᠠᠢ ᠦᠨᠡᠮᠯᠡᠯ ᠮᠠᠲ᠋ᠧᠷᠢᠶᠠᠯ ᠲᠤᠰᠢᠶᠠᠬᠤ ᠠᠴᠠ ᠬᠡᠯᠲᠦᠷᠢᠭᠦᠯᠵᠡᠢ᠃
ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠱᠠᠭᠠᠷᠳᠠᠯᠭ᠎ᠠ ᠶᠣᠰᠣᠭᠠᠷ᠂ 4 ᠳ᠋ᠦ᠋ᠭᠡᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ》 ᠡᠯᠧᠺᠲᠷᠣᠨ ᠭᠡᠷᠡᠴᠢ ᠦᠨᠡᠮᠯᠡᠯ ᠤᠨ ᠨᠢᠭᠡ ᠦᠨᠡᠮᠯᠡᠯ ᠳᠤ ᠨᠢᠭᠡ ᠦᠢᠯᠡᠴᠢᠯᠡᠭᠡ ᠶᠢᠨ ᠦᠨᠡᠮᠯᠡᠯ ᠭᠦᠢᠴᠡᠳᠬᠡᠵᠦ ᠡᠷᠬᠡ ᠣᠯᠭᠤᠬᠤ ᠮᠡᠳᠡᠭᠡ ᠵᠠᠩᠭᠢ ᠶᠢᠨ ᠣᠷᠣᠮ ᠦᠯᠡᠳᠡᠭᠡᠬᠦ ᠠᠵᠢᠯ ᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠲᠠᠪᠴᠠᠩ ᠤᠨ ᠡᠯᠧᠺᠲᠷᠣᠨ ᠦᠨᠡᠮᠯᠡᠯ ᠢ ᠬᠠᠮᠲᠤ ᠪᠠᠷ ᠭᠥᠷᠳᠡᠬᠦ ᠦᠢᠯᠡᠴᠢᠯᠡᠭᠡᠨ ᠤ ᠰᠢᠰᠲ᠋ᠧᠮ ᠯᠦᠭᠡ ᠬᠠᠷᠢᠯᠴᠠᠨ ᠬᠤᠯᠪᠣᠯᠳᠤᠭᠤᠯᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ ︔ 5 ᠳ᠋ᠤᠭᠠᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ》 ᠤᠨ ᠡᠯᠧᠺᠲᠷᠣᠨ ᠦᠨᠡᠮᠯᠡᠯ ᠢ ᠬᠠᠮᠲᠤ ᠪᠠᠷ ᠬᠦᠷᠲᠡᠵᠦ ᠬᠡᠷᠡᠭᠯᠡᠬᠦ ᠠᠵᠢᠯ ᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ 《ᠦᠨᠡᠮᠯᠡᠯ ᠦᠭᠡᠢ ᠪᠠᠷ ᠭᠦᠢᠴᠡᠳᠬᠡᠬᠦ 》 ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠡᠮ ᠤᠨ ᠵᠦᠢᠯ ᠤᠨ ᠬᠦᠷᠢᠶᠡᠨ ᠳᠠᠬᠢ 78 ᠲᠥᠷᠥᠯ ᠤᠨ ᠲᠤᠬᠠᠶᠢᠯᠠᠭᠰᠠᠨ ᠠᠵᠢᠯ ᠢ ᠴᠥᠮ《ᠦᠨᠡᠮᠯᠡᠯ ᠦᠭᠡᠢ ᠪᠠᠷ ᠭᠦᠢᠴᠡᠳᠬᠡᠬᠦ》 ᠶᠢ ᠨᠢᠭᠡᠨᠲᠡ ᠪᠡᠶᠡᠯᠡᠭᠦᠯᠵᠦ᠂ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠦᠨᠡᠮᠯᠡᠯ ᠳᠤ ᠬᠤᠯᠪᠣᠭᠳᠠᠬᠤ ᠵᠦᠢᠯᠡᠰ ᠤᠨ 《ᠦᠨᠡᠮᠯᠡᠯ ᠦᠭᠡᠢ ᠪᠠᠷ ᠭᠦᠢᠴᠡᠳᠬᠡᠬᠦ 》 ᠶᠢ ᠪᠦᠬᠦᠨ ᠢ ᠪᠡᠶᠡᠯᠡᠭᠦᠯᠦᠨ᠎ᠡ᠃