ᠵᠤᠬᠢᠶᠠᠭᠴᠢ: ᠴᠠᠭ:2023-06-09 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠤ ᠤᠮᠠᠷᠠᠲᠤ ᠶᠢᠨ ᠡᠪᠳᠡᠷᠡᠰᠢ ᠦᠭᠡᠢ ᠪᠠᠲᠤ ᠪᠠᠬᠢ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠬᠠᠮᠲᠤ ᠪᠠᠷ ᠴᠣᠭᠴᠠᠯᠠᠨ᠎ᠠ

 

︱ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠ ᠴᠢᠬᠤᠯᠠ ᠶᠠᠷᠢᠶ᠎ᠠ ᠮᠠᠨ ᠤ ᠣᠷᠣᠨ ᠤ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠠᠢ       6  ᠰᠠᠷ᠎ᠠ ᠶᠢᠨ 6 ᠤ  ᠣᠷᠣᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠮᠡᠳᠡᠭᠡᠯᠡᠯ ᠢ ᠲᠥᠪ ᠲᠧᠯᠸᠢᠰ ᠨᠡᠪᠲᠡᠷᠡᠭᠦᠯᠪᠡ᠃ ᠪᠦᠭᠦ ᠣᠷᠣᠨ ᠤ ᠡᠯ᠎ᠡ ᠱᠠᠲᠤᠨ ᠤ ᠺᠠᠳ᠋ᠷ ᠤᠯᠠᠨ ᠲᠦᠮᠡᠨ ᠬᠥᠭᠰᠡᠨ ᠳᠣᠭᠳᠣᠯᠵᠤ᠂ ᠤᠯᠠᠨ ᠵᠦᠢᠯ ᠤᠨ ᠠᠷᠭ᠎ᠠ ᠵᠠᠮ ᠢᠶᠠᠷ ᠭᠥᠯᠢᠶᠡᠨ ᠠᠪᠴᠤ ᠰᠣᠨᠣᠰᠤᠭᠰᠠᠨ ᠪᠠ ᠦᠵᠡᠵᠡᠢ᠃

ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠬᠠᠯᠠᠭᠤᠨ ᠳᠣᠲᠣᠨᠣ ᠬᠠᠶᠢᠷ᠎ᠠ ᠬᠠᠯᠠᠮᠵᠢᠯᠠᠯ ᠳᠤ ᠲᠤᠶᠢᠯ ᠢᠶᠠᠷ ᠵᠣᠷᠢᠭᠵᠢᠨ᠂ ᠬᠤᠪᠢ ᠲᠠᠭᠢᠨ ᠢᠶᠠᠷ ᠨᠠᠨᠳᠢᠩᠨᠠᠨ᠎ᠠ᠃

《ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ》《ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ》ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠣᠷᠣᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠤ ᠢᠲᠡᠭᠡᠯ ᠵᠣᠷᠢᠭ ᠪᠠ ᠲᠡᠮᠡᠴᠡᠯ ᠤᠨ ᠵᠣᠷᠢᠭ ᠢ ᠲᠤᠶᠢᠯ ᠤᠨ ᠶᠡᠭᠡ ᠪᠠᠷ ᠤᠷᠮᠠᠰᠢᠭᠤᠯᠤᠨ ᠵᠣᠷᠢᠭᠵᠢᠭᠤᠯᠪᠠ᠃ ᠤᠯᠠᠨ ᠢᠶᠠᠷ ᠢᠶᠠᠨ᠂ 《ᠶᠡᠷᠦᠩᠬᠡᠢ ᠱᠦᠵᠢ ᠥᠪᠥᠷ ᠮᠣᠩᠭᠤᠯ ᠳᠤ ᠣᠯᠠᠨᠲᠠ ᠢᠷᠡᠵᠦ ᠪᠠᠶᠢᠨ᠎ᠠ᠂ ᠤᠳᠠᠭ᠎ᠠ ᠪᠣᠯᠭᠠᠨ ᠨᠢ ᠪᠦᠷ ᠮᠠᠷᠲᠠᠭᠳᠠᠰᠢ ᠦᠭᠡᠢ ᠶᠤᠮ᠃ ᠥᠪᠥᠷ ᠮᠣᠩᠭᠤᠯ ᠤᠨ ᠡᠯ᠎ᠡ ᠱᠠᠲᠤᠨ ᠤ ᠺᠠᠳ᠋ᠷ ᠤᠯᠠᠨ ᠲᠦᠮᠡᠨ ᠯᠠᠪᠲᠠᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠠᠮᠢ ᠠᠬᠤᠢ ᠶᠢᠨ ᠠᠤᠭ᠎ᠠ ᠶᠡᠭᠡ ᠵᠢᠷᠤᠭ ᠲᠥᠯᠥᠪᠯᠡᠭᠡ ᠶᠢ ᠦᠵᠡᠰᠬᠦᠯᠡᠩᠲᠦ ᠰᠠᠶᠢᠬᠠᠨ ᠦᠨᠡᠨ ᠪᠣᠳᠠᠲᠠᠢ ᠵᠢᠷᠤᠭ ᠪᠣᠯᠭᠠᠨ ᠬᠤᠪᠢᠷᠠᠭᠤᠯᠤᠨ᠎ᠠ》ᠭᠡᠵᠦ ᠢᠯᠡᠷᠬᠡᠶᠢᠯᠡᠵᠡᠭᠡᠪᠡ᠃   

ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ ᠤᠯᠤᠰ ᠤᠨ ᠪᠠᠶᠢᠳᠠᠯ ᠪᠠ ᠭᠠᠵᠠᠷ ᠣᠷᠣᠨ ᠤ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠠᠮ ᠢᠶᠠᠷ ᠵᠠᠮᠨᠠᠨ᠎ᠠ       ᠪᠠᠶᠠᠨᠨᠠᠭᠤᠷ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ  ᠲᠣᠭᠤᠷᠢᠭ ᠤᠨ ᠬᠤᠪᠢᠶᠠᠷᠢ ᠲᠣᠪᠴᠢᠶ᠎ᠠ ᠳᠤ᠂ ᠺᠠᠳ᠋ᠷ ᠠᠵᠢᠯᠲᠠᠳ ᠲᠥᠪ ᠤᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠬᠦ ᠳᠡᠭᠡᠨ ᠲᠤᠬᠳᠤᠯᠤᠬᠰᠠᠨ ᠰᠡᠳᠬᠢᠯᠭᠡ ᠪᠠᠨ ᠳᠠᠷᠤᠵᠤ ᠶᠠᠳᠠᠨ ᠪᠠᠶᠢᠯ᠎ᠠ᠃

《ᠤᠳᠤ ᠶᠢᠨ  ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨ ᠬᠤᠸᠠ ᠤᠢ ᠰᠢᠭᠤᠢ ᠶᠢᠨ ᠲᠠᠯᠠᠪᠠᠢ ᠳᠤ᠂ ᠤᠢ ᠮᠣᠳᠣ ᠬᠥᠬᠡᠷᠡᠨ ᠨᠣᠭᠤᠭᠠᠷᠠᠵᠤ ᠪᠣᠯᠵᠣᠮᠣᠷ ᠰᠢᠪᠠᠭᠤ ᠵᠢᠷᠭᠢᠨ ᠴᠡᠴᠡᠭ ᠬᠤᠸᠠᠷ ᠳᠡᠯᠭᠡᠷᠡᠵᠦ᠂ ︿ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠭᠠᠵᠠᠷ﹀ ᠨᠢ ︿ᠠᠷᠤ ᠭᠠᠵᠠᠷ ᠤᠨ ᠨᠣᠭᠤᠭᠠᠨ ᠪᠦᠷᠢᠳᠦ﹀ ᠪᠣᠯᠵᠤ ᠬᠤᠪᠢᠷᠠᠨ᠂ ᠭᠠᠵᠠᠷ ᠰᠢᠷᠣᠢ ᠶᠢᠨ ᠡᠯᠡᠰᠦᠷᠬᠡᠭᠵᠢᠯ ᠢ ᠪᠦᠲᠦᠮᠵᠢᠲᠡᠢ ᠬᠤᠷᠢᠬᠯᠠᠪᠡ︔ ᠬᠠᠯᠬᠠᠪᠴᠢ ᠤᠢ ᠶᠢᠨ ᠲᠣᠣᠷ ᠨᠢ ᠡᠷᠭᠢᠨ ᠲᠣᠭᠤᠷᠢᠨ ᠤ ᠲᠠᠷᠢᠶᠠᠨ ᠭᠠᠵᠠᠷ ᠢ ᠬᠠᠮᠠᠭᠠᠯᠠᠵᠤ᠂ ᠡᠷᠭᠢᠨ ᠲᠣᠭᠤᠷᠢᠨ ᠤ ᠲᠠᠷᠢᠶᠠᠨ ᠭᠠᠵᠠᠷ ᠤᠨ ᠤᠨᠠᠯᠲᠠ ᠶᠢ ᠲᠣᠭᠲᠠᠪᠤᠷᠢᠵᠢᠭᠤᠯᠵᠤ᠂ ᠤᠨᠠᠯᠲᠠ ᠶᠢ ᠨᠡᠮᠡᠭᠳᠡᠭᠦᠯᠪᠡ︔ ᠣᠶ ᠰᠢᠭᠤᠢ ᠶᠢᠨ ᠲᠠᠯᠠᠪᠠᠶ ᠶᠢᠨ ᠡᠷᠭᠢᠨ ᠲᠣᠭᠤᠷᠢᠨ ᠤ ᠪᠠᠶᠢᠭᠠᠯᠢ ᠶᠢᠨ ᠭᠠᠢ ᠭᠠᠮᠰᠢᠭ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠᠶᠠᠯᠢᠭᠵᠢᠪᠠ᠃ ᠭᠤᠷᠪᠠᠨ ᠦᠶ᠎ᠡ ᠶᠢᠨ ᠬᠥᠮᠥᠰ ᠤᠨ ᠴᠢᠷᠮᠠᠶᠢᠯᠭ᠎ᠠ ᠪᠠᠷ ᠳᠡᠮᠵᠢᠨ᠂ ᠰᠢᠨ ᠬᠤᠸᠠ ᠣᠶ ᠰᠢᠭᠤᠢ ᠶᠢᠨ ᠲᠠᠯᠠᠪᠠᠶ ᠳᠤ ︿ᠡᠯᠡᠰᠦ ᠤᠷᠤᠭᠰᠢᠯᠠᠵᠤ ᠬᠥᠮᠥᠨ ᠤᠬᠤᠷᠢᠵᠤ﹀ ᠪᠠᠶᠢᠭᠰᠠᠨ ᠠᠴᠠ ᠪᠠᠨ ︿ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ﹀ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠪᠣᠬᠢᠷᠳᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠪᠠ᠃ ᠬᠤᠶᠢᠰᠢᠳᠠ ᠪᠢᠳᠡ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠲᠠᠭᠢᠨ ᠳᠠᠪᠲᠠᠬᠤ ᠴᠢᠨᠠᠷ ᠪᠠ ᠲᠣᠭᠲᠠᠪᠤᠷᠢ ᠦᠭᠡᠢ ᠴᠢᠨᠠᠷ ᠢ ᠨᠡᠩ ᠭᠦᠢᠴᠡᠳ ᠲᠠᠨᠢᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ》ᠭᠡᠵᠦ ᠳᠡᠳ᠋ ᠲᠣᠪᠴᠢᠶ᠎ᠠ ᠶᠢᠨ ᠳᠠᠷᠤᠭ᠎ᠠ ᠸᠠᠩ ᠶᠢᠩ ᠬᠡᠯᠡᠪᠡ᠃

ᠦᠬᠠᠢ ᠪᠣᠯ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠪᠣᠯᠣᠨ᠎ᠠ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ  ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠲᠠᠢ ᠨᠢᠭᠲᠠ ᠬᠤᠯᠪᠣᠭᠳᠠᠵᠤ ᠪᠠᠶᠢᠳᠠᠭ᠃

《ᠶᠡᠷᠦᠩᠬᠡᠢ ᠱᠦᠵᠢ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠬᠥᠮᠥᠰ ᠢ ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠤᠨ᠎ᠠ᠂ ᠪᠢᠳᠡᠨ ᠤ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠠᠵᠢᠯᠯᠠᠭᠠᠨ ᠤ ᠬᠥᠲᠥᠯᠪᠦᠷᠢ ᠪᠣᠯᠣᠨ᠎ᠠ᠂ ᠪᠢᠳᠡ ᠡᠷᠡᠰ  ᠨᠠᠶᠢᠳᠠᠪᠤᠷᠢᠵᠢᠭᠤᠯᠤᠨ᠎ᠠ᠃ ᠪᠢᠳᠡ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠦᠨ᠎ᠡ》ᠭᠡᠵᠦ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠢ ᠱᠠᠯᠠᠪᠳᠠᠭᠤᠯᠤᠨ ᠪᠠᠶᠢᠴᠠᠭᠠᠭᠴᠢ ᠵᠠᠩ ᠯᠢ ᠮᠢᠩ ᠶᠡᠷᠦᠩᠬᠡᠢ ᠱᠦᠵᠢ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠮᠡᠳᠡᠭᠡᠯᠡᠯ ᠢ ᠦᠵᠡᠭᠡᠳ ᠰᠡᠳᠬᠢᠯ ᠳᠣᠭᠳᠣᠯᠤᠨ ᠬᠡᠯᠡᠪᠡ᠃

ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠮᠠᠩᠯᠠᠢ ᠭᠠᠴᠠᠭ᠎ᠠ ᠤᠯᠠᠭᠠᠨᠪᠤᠬ᠎ᠠ ᠡᠯᠡᠰᠦᠨ ᠴᠦᠯ ᠤᠨ ᠪᠠᠷᠠᠭᠤᠨ ᠡᠮᠦᠨ᠎ᠡ ᠵᠠᠬ᠎ᠠ ᠳᠤ ᠪᠠᠶᠢᠷᠢᠯᠠᠵᠤ᠂ ᠥᠩᠭᠡᠷᠡᠭᠰᠡᠨ ᠳᠤ ᠭᠠᠵᠠᠷ ᠰᠠᠢ ᠦᠭᠡᠢ ᠰᠢᠷ᠎ᠠ ᠡᠯᠡᠰᠦ ᠳᠡᠭᠳᠡᠵᠦ᠂ ᠤᠷᠭᠤᠮᠠᠯ ᠤᠨ ᠬᠤᠴᠢᠯᠭ᠎ᠠ ᠭᠡᠵᠦ ᠪᠠᠷᠤᠭ ᠪᠠᠶᠢᠬᠤ ᠦᠭᠡᠢ᠃

《ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠠᠳ᠂ ᠪᠢ ᠮᠠᠨ ᠤ ᠭᠠᠴᠠᠭᠠᠨ ᠤ ᠪᠠᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠣᠯᠵᠠᠢ᠃ ᠣᠶᠢᠷ᠎ᠠ ᠶᠢᠨ ᠵᠢᠯ ᠤᠳ ᠲᠤ᠂ ᠮᠠᠨ ᠤ ᠭᠠᠴᠠᠭ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠮᠥᠨ ᠤ ᠬᠦᠴᠦ ᠪᠠᠷ ᠵᠠᠭ ᠤᠨ ᠤᠢ ᠳᠤ ᠴᠠᠭᠠᠨ ᠭᠤᠶᠣᠣ ᠵᠠᠯᠭᠠᠨ ᠳᠠᠷᠢᠵᠦ ᠪᠣᠬᠢᠷᠳᠤᠯ ᠦᠭᠡᠢ ᠡᠯᠡᠰᠦᠨ ᠤ ᠠᠵᠤ ᠦᠢᠯᠡᠰ ᠢ ᠬᠥᠭᠵᠢᠭᠦᠯᠵᠡᠢ᠃ ᠪᠢᠳᠡ ᠵᠠᠭ ᠤᠨ ᠤᠢ ᠳᠤ ᠴᠠᠭᠠᠨ ᠭᠤᠶᠣᠣ ᠵᠠᠯᠭᠠᠨ ᠲᠠᠷᠢᠬᠤ ᠣᠨᠴᠠᠯᠢᠭᠲᠤ ᠡᠯᠡᠰᠦᠨ ᠤ ᠠᠵᠤ ᠦᠢᠯᠡᠰ ᠢ ᠬᠥᠭᠵᠢᠭᠦᠯᠬᠦ ᠵᠠᠮ ᠢᠶᠠᠷ ᠴᠢᠨᠠᠭᠰᠢᠳᠠ ᠰᠠᠶᠢᠲᠤᠷ ᠵᠠᠮᠨᠠᠵᠤ᠂ ᠮᠠᠯᠴᠢᠨ ᠲᠠᠷᠢᠶᠠᠴᠢᠳ ᠢ ᠪᠠᠶᠠᠵᠢᠭᠤᠯᠬᠤ ᠶᠢᠨ ᠬᠠᠮᠲᠤ ᠨᠤᠲᠤᠭ ᠤᠰᠤᠨ ᠤ ᠪᠠᠨ ᠠᠮᠢ ᠠᠬᠤᠢ ᠶᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠠᠭᠠᠯᠠᠵᠤ᠂ ᠨᠤᠲᠤᠭ ᠤᠰᠤ ᠪᠠᠨ ᠤᠯᠠᠮ ᠦᠵᠡᠰᠬᠦᠯᠡᠩᠲᠦ ᠰᠠᠶᠢᠬᠠᠨ ᠪᠣᠯᠭᠠᠨ᠎ᠠ︕》ᠭᠡᠵᠦ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠮᠠᠩᠯᠠᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠵᠦᠩ ᠨᠢᠩ ᠲᠧᠯᠸᠢᠰ ᠨᠡᠪᠲᠡᠷᠡᠭᠦᠯᠭᠡ ᠶᠢ ᠦᠵᠡᠭᠰᠡᠨ ᠤ ᠳᠠᠷᠠᠭ᠎ᠠ ᠰᠡᠳᠬᠢᠯ ᠳᠣᠭᠳᠣᠯᠤᠨ ᠬᠡᠯᠡᠪᠡ᠃

ᠠᠤᠭ᠎ᠠ ᠲᠥᠰᠥᠪ ᠢ ᠵᠢᠷᠤᠭᠯᠠᠵᠤ ᠪᠤᠤᠬᠢᠶ᠎ᠠ ᠵᠠᠯᠭᠠᠨ 《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠨᠲᠠᠷᠠᠰᠢ ᠦᠭᠡᠢ ᠠᠬᠢᠭᠤᠯᠤᠨ᠎ᠠ      ᠰᠠᠶ᠋ᠢᠬᠠᠨ ᠠᠭᠤᠯᠠ ᠲᠣᠯᠣᠭᠠᠳ ᠢᠶᠠᠷ ᠲᠣᠭᠤᠷᠢᠨ ᠴᠠᠭᠳᠠᠵᠤ ᠢᠷᠡᠭᠰᠡᠨ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢᠨ ᠳᠡᠳ᠋ ᠳᠠᠷᠤᠭ᠎ᠠ ᠴᠠᠢ ᠱᠸ ᠯᠢᠩ ᠠᠯᠪᠠᠨ ᠭᠡᠷ ᠲᠡᠭᠡᠨ ᠣᠷᠣᠮᠠᠭᠴᠠ ᠪᠠᠨ ᠲᠧᠯᠸᠢᠰ ᠢᠶᠠᠨ ᠨᠡᠭᠡᠭᠡᠪᠡ ᠃ ᠲᠥᠪ ᠤᠨ ᠰᠣᠨᠢᠨ ᠮᠡᠳᠡᠭᠡᠨ ᠤ ᠨᠡᠪᠲᠡᠷᠡᠭᠦᠯᠭᠡ ᠠᠴᠠ ᠬᠤᠴᠣᠷᠴᠢᠬᠠᠬᠤ ᠠᠴᠠ ᠰᠠᠨᠳᠤᠷᠤᠭᠰᠠᠨ ᠪᠠᠶᠢᠯ᠎ᠠ᠃ ᠲᠧᠯᠸᠢᠰ ᠳᠡᠭᠡᠷ᠎ᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠢ ᠦᠵᠡᠭᠡᠳ ᠴᠠᠢ ᠱᠸ ᠯᠢᠩ ᠤᠨ ᠰᠡᠳᠬᠢᠯ ᠳᠤ ᠮᠠᠰᠢ ᠬᠠᠯᠠᠭᠤᠨ ᠳᠣᠲᠣᠨᠣ ᠰᠠᠨᠠᠭᠳᠠᠪᠠ ᠃ ᠲᠡᠷᠡ᠄ 《ᠶᠡᠷᠦᠩᠬᠡᠢ ᠱᠦᠵᠢ ᠰᠢ ᠶᠢᠨ ᠫᠢᠩ ᠮᠥᠨ ᠬᠦ ᠠᠮᠢ ᠠᠬᠤᠢ ᠣᠷᠴᠢᠨ ᠲᠣᠭᠤᠷᠢᠨ ᠢ ᠲᠤᠩ ᠠᠩᠬᠠᠷᠴᠤ ᠪᠠᠶᠢᠨ᠎ᠠ︕》 ᠭᠡᠵᠦ ᠰᠡᠳᠬᠢᠯ ᠬᠥᠳᠡᠯᠦᠨ ᠬᠡᠯᠡᠪᠡ᠃

ᠲᠥᠪ ᠤᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠭᠰᠡᠨ ᠤ ᠲᠠᠷᠠᠭ᠎ᠠ᠂ ᠴᠠᠢ ᠱᠧ ᠯᠢᠩ ᠲᠤᠬᠳᠤᠯᠤᠬᠰᠠᠨ ᠰᠡᠳᠬᠢᠯ ᠢᠶᠠᠨ ᠤᠳᠠᠲᠠᠯ᠎ᠠ ᠳᠠᠷᠤᠵᠤ ᠶᠠᠳᠠᠨ ᠪᠠᠶᠢᠯ᠎ᠠ᠃ 《ᠶᠡᠷᠦᠩᠬᠡᠢ ᠱᠦᠵᠢ ᠮᠠᠨ ᠤ ᠤᠢ ᠰᠢᠭᠤᠢ ᠶᠢᠨ ᠲᠠᠯᠠᠪᠠᠢ ᠳᠤ ᠳᠠᠬᠢᠨᠲᠠ ᠢᠷᠡᠵᠦ᠂ ᠤᠢ ᠰᠢᠭᠤᠢ ᠶᠢᠨ ᠲᠠᠯᠠᠪᠠᠢ ᠶᠢᠨ ᠰᠢᠨ᠎ᠡ ᠬᠤᠪᠢᠷᠠᠯᠲᠠ ᠶᠢ ᠦᠵᠡᠬᠦ ᠶᠢ ᠬᠡᠴᠢᠨᠡᠨ ᠬᠦᠰᠡᠨᠡᠮ᠃ ᠣᠳᠣᠬᠠᠨ ᠳᠤ᠂ ᠮᠠᠨ ᠤ ᠣᠶ ᠰᠢᠭᠤᠢ ᠶᠢᠨ ᠲᠠᠯᠠᠪᠠᠶ ᠶᠢᠨ ᠪᠠᠶᠢᠭᠠᠯᠢᠯᠢᠭ ᠣᠶ ᠶᠢᠨ ᠲᠠᠯᠠᠪᠠᠶ 4.2 ᠲᠦᠮᠡᠨ ᠮᠦ᠂ ᠲᠠᠷᠢᠮᠠᠯ ᠣᠶ ᠶᠢᠨ ᠲᠠᠯᠠᠪᠠᠶ 6.6 ᠲᠦᠮᠡᠨ ᠮᠦ ᠪᠣᠯᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 98.86% ᠳᠤ ᠬᠦᠷᠴᠦ᠂ ︿ᠪᠦᠭᠦ ᠤᠯᠤᠰ ᠤᠨ ᠬᠠᠮᠤᠭ ᠤᠨ ᠰᠠᠶᠢᠨ ᠣᠶ ᠰᠢᠭᠤᠢ ᠶᠢᠨ ᠲᠠᠯᠠᠪᠠᠶ﹀ ᠪᠠᠷ ᠦᠨᠡᠯᠡᠭᠳᠡᠪᠡ᠃ ᠤᠳᠤ ᠪᠢᠳᠡᠨ ᠳᠤ ᠢᠳᠡᠷ ᠵᠠᠯᠠᠭᠤ ᠬᠦᠴᠦᠨ ᠪᠠᠶᠢᠬᠤ ᠪᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢ ᠠᠰᠢᠭᠯᠠᠨ ᠤᠢ ᠰᠢᠭᠤᠢ ᠶᠢ ᠬᠠᠮᠠᠭᠠᠯᠠᠵᠤ᠂ ᠤᠢ ᠰᠢᠭᠤᠢ ᠶᠢᠨ ᠲᠠᠯᠠᠪᠠᠢ ᠶᠢᠨ ᠣᠷᠴᠢᠨ ᠲᠣᠭᠤᠷᠢᠨ ᠶᠠᠪᠤᠬᠤ ᠲᠤᠳᠤᠮ ᠰᠠᠶᠢᠵᠢᠷᠠᠵᠤ᠂ ᠪᠣᠷᠣ ᠭᠥᠷᠥᠭᠡᠰᠦ᠂ ᠭᠤᠷᠭᠤᠤᠯ᠂ ᠬᠡᠭᠡᠷ᠎ᠡ ᠶᠢᠨ ᠲᠠᠤᠯᠠᠢ ᠭᠠᠵᠠᠷ ᠪᠣᠯᠭᠠᠨ ᠳᠤ ᠬᠠᠷᠠᠭᠳᠠᠨ᠂ ᠡᠷᠭᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠦᠨᠡᠨ ᠬᠦ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢᠨ ᠠᠯᠳᠠ ᠮᠥᠩᠭᠦᠨ ᠠᠭᠤᠯᠠ ᠪᠣᠯᠭᠠᠪᠠ᠃》 ᠴᠠᠢ ᠱᠸ ᠯᠢᠩ ᠤᠢ ᠰᠢᠭᠤᠢ ᠶᠢᠨ ᠲᠠᠯᠠᠪᠠᠢ ᠶᠢᠨ ᠤᠢ ᠬᠠᠮᠠᠭᠠᠯᠠᠭᠴᠢ ᠳᠤ᠄ 《ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠶ᠎ᠡ ᠶᠢᠨ ᠦᠶ᠎ᠡ ᠬᠥᠬᠡᠮᠳᠦᠭ ᠨᠣᠭᠤᠭᠠᠨ ᠠᠭᠤᠯᠠ ᠪᠠᠨ ᠪᠠᠲᠤ ᠰᠠᠬᠢᠪᠠᠯ ᠳᠠᠷᠤᠢ ᠠᠯᠤᠰ ᠢᠷᠡᠭᠡᠳᠦᠢ ᠪᠠᠨ ᠪᠠᠲᠤ ᠰᠠᠬᠢᠵᠤ ᠴᠢᠳᠠᠨ᠎ᠠ》 ᠭᠡᠵᠦ ᠬᠡᠯᠡᠪᠡ᠃

ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠳ᠋ᠦᠯᠠᠷ ᠤᠢ ᠰᠢᠭᠤᠢ ᠶᠢᠨ ᠲᠠᠯᠠᠪᠠᠢ ᠶᠢᠨ ᠬᠠᠮᠢᠶᠠᠷᠤᠨ ᠬᠠᠮᠠᠭᠠᠯᠠᠬᠤ ᠦᠷᠳᠡᠭᠡ ᠳᠤ᠂ ᠥᠷᠲᠡᠭᠡᠨ ᠳᠠᠷᠤᠭ᠎ᠠ ᠯᠢ ᠶᠠᠨ ᠮᠢᠩ ᠪᠣᠯᠣᠨ 7 ᠠᠵᠢᠯᠲᠠᠨ ᠨᠢᠭᠡ ᠡᠳᠦᠷ ᠤᠨ ᠲᠣᠭᠤᠷᠢᠨ ᠬᠠᠮᠠᠭᠠᠯᠠᠬᠤ ᠠᠵᠢᠯ ᠢᠶᠠᠨ ᠡᠷᠲᠡᠬᠡᠨ ᠳᠠᠭᠤᠰᠬᠠᠵᠤ᠂ ᠭᠠᠷ ᠤᠲᠠᠰᠤ ᠪᠠᠷ ᠲᠥᠪ ᠲᠧᠯᠸᠢᠰ ᠤᠨ 《ᠰᠣᠨᠢᠨ ᠮᠡᠳᠡᠭᠡᠨ ᠤ ᠨᠡᠪᠲᠡᠷᠡᠭᠦᠯᠭᠡ》 ᠶᠢ ᠭᠥᠯᠢᠶᠡᠨ ᠠᠪᠴᠤ ᠦᠵᠡᠪᠡ᠃

ᠰᠣᠨᠢᠨ ᠮᠡᠳᠡᠭᠡᠨ ᠠᠴᠠ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠤᠨ  ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨ ᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠭᠰᠠᠨ ᠢ ᠦᠵᠡᠭᠡᠳ᠂ ᠬᠠᠮᠢᠶᠠᠷᠤᠨ ᠬᠠᠮᠠᠭᠠᠯᠠᠭᠴᠢᠳ ᠮᠠᠰᠢ ᠤᠷᠮᠠᠰᠢᠨ ᠵᠣᠷᠢᠭᠵᠢᠪᠠ᠃ ᠣᠲᠣ ᠪᠣᠯ ᠶᠠᠭ ᠭᠠᠯ ᠢ ᠴᠢᠩᠭ᠎ᠠ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ 8 ᠬᠠᠮᠢᠶᠠᠷᠤᠨ ᠬᠠᠮᠠᠭᠠᠯᠠᠭᠴᠢ ᠠᠭᠤᠯᠠ ᠤᠰᠤ ᠤᠢ ᠰᠢᠭᠤᠢ ᠪᠠᠷ ᠠᠷᠤ ᠭᠡᠷ ᠢᠶᠠᠨ ᠪᠤᠯᠭᠠᠵᠤ᠂ ᠡᠪᠡᠰᠦ ᠤᠷᠭᠤᠮᠠᠯ ᠢᠶᠠᠷ ᠨᠠᠶᠢᠵᠠ ᠨᠥᠬᠦᠳ ᠢᠶᠠᠨ ᠪᠣᠯᠭᠠᠨ᠂ ᠡᠳᠦᠷ ᠪᠦᠷᠢ ᠬᠠᠷᠢᠶ᠎ᠠ ᠣᠷᠣᠨ ᠤ 1 ᠲᠦᠮᠡ ᠭᠠᠷᠤᠢ ᠾᠧᠺᠲ᠋ᠠᠷ ᠣᠶ ᠰᠢᠭᠤᠢ ᠪᠠᠷ ᠲᠣᠭᠤᠷᠢᠨ ᠴᠠᠭᠳᠠᠵᠤ᠂ ᠭᠤᠣᠯᠳᠠᠯᠭ᠎ᠠ ᠲᠠᠢ ᠭᠠᠵᠠᠷ ᠣᠷᠣᠨ ᠢ ᠲᠣᠭᠤᠷᠢᠨ ᠬᠠᠮᠠᠭᠠᠯᠠᠵᠤ᠂ ᠠᠭᠤᠯᠠᠨ ᠳᠤ ᠭᠠᠷᠬᠤ ᠬᠥᠮᠥᠰ ᠢ ᠴᠢᠩᠭ᠎ᠠ ᠬᠠᠮᠢᠶᠠᠷᠤᠨ ᠡᠵᠡᠮᠳᠡᠬᠦ ᠶᠢᠨ ᠬᠠᠮᠲᠤ ᠪᠠᠰᠠ ᠣᠶ ᠰᠢᠭᠤᠢ ᠶᠢᠨ ᠡᠪᠡᠳᠴᠢᠨ ᠡᠮᠭᠡᠭ ᠬᠤᠷᠣᠬᠠᠢ ᠰᠢᠪᠠᠵᠢ ᠶᠢᠨ ᠭᠠᠮᠰᠢᠭ ᠤᠨ ᠪᠠᠶᠢᠳᠠᠯ ᠢ ᠠᠵᠢᠭᠯᠠᠵᠤ᠂ ᠬᠡᠭᠡᠷ᠎ᠡ ᠶᠢᠨ ᠠᠮᠢᠲᠠᠨ ᠢ ᠠᠪᠤᠷᠠᠨ ᠃

《ᠣᠳᠣᠬᠠᠨ ᠳᠤ᠂ ᠳ᠋ᠦᠯᠠᠷ ᠤᠢ ᠰᠢᠭᠤᠢ ᠶᠢᠨ ᠲᠠᠯᠠᠪᠠᠢ ᠳᠤ 4 ᠬᠠᠮᠢᠶᠠᠷᠤᠨ ᠬᠠᠮᠠᠭᠠᠯᠠᠬᠤ ᠦᠷᠳᠡᠭᠡ ᠲᠠᠢ᠂ ᠡᠨᠡ ᠬᠤᠶᠠᠷ ᠵᠢᠯ ᠳᠤ᠂ ᠮᠠᠨ ᠤ ᠠᠮᠢ ᠠᠬᠤᠢ ᠶᠠᠪᠤᠬᠤ ᠲᠤᠳᠤᠮ ᠰᠠᠶᠢᠵᠢᠷᠠᠵᠤ ᠪᠠᠶᠢᠨ᠎ᠠ᠃ ᠮᠠᠨ ᠤ ᠠᠪᠤ ᠶᠢᠨ ᠦᠶ᠎ᠡ ᠶᠢᠨ ᠬᠢᠨ ᠴᠥᠮ ᠤᠢ ᠰᠢᠭᠤᠢ ᠶᠢ ᠬᠠᠮᠠᠭᠠᠯᠠᠬᠤ ᠠᠵᠢᠯᠴᠢᠨ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠠᠭᠠᠯᠠᠬᠤ ᠨᠢ ᠨᠠᠳᠠ ᠳᠤ ᠠᠪᠴᠤ ᠬᠡᠯᠡᠪᠡᠯ ᠠᠵᠢᠯ ᠦᠢᠯᠡᠰ ᠪᠤᠯᠬᠤ ᠮᠥᠷᠲᠡᠭᠡᠨ ᠡᠭᠦᠷᠭᠡ ᠬᠠᠷᠢᠭᠤᠴᠠᠯᠭ᠎ᠠ ᠮᠥᠨ᠂ ᠪᠢ ᠡᠨᠡ ᠬᠦ ︿ᠪᠤᠤᠬᠢᠶ᠎ᠠ﹀ ᠶᠢ ᠰᠠᠶᠢᠲᠤᠷ ᠲᠤᠰᠴᠤ᠂ ᠨᠤᠲᠤᠭ ᠤᠰᠤ ᠪᠠᠨ ᠰᠠᠶᠢᠲᠤᠷ ᠬᠠᠮᠠᠭᠠᠯᠠᠨ᠎ᠠ︕》 ᠭᠡᠵᠦ ᠯᠢ ᠶᠠᠨ ᠮᠢᠩ ᠶᠠᠷᠢᠨ᠎ᠠ᠃ ᠲᠣᠭᠤᠷᠢᠨ ᠬᠠᠮᠠᠭᠠᠯᠠᠬᠤ ᠠᠵᠢᠯ ᠢ ᠥᠷᠨᠢᠭᠦᠯᠬᠦ ᠠᠴᠠ ᠭᠠᠳᠠᠨ᠎ᠠ᠂ ᠲᠡᠷᠡ ᠪᠠᠰᠠ ᠬᠠᠮᠲᠤ ᠠᠵᠢᠯᠯᠠᠭᠰᠠᠳ ᠲᠠᠢ ᠪᠠᠨ ᠮᠣᠳᠣ ᠲᠠᠷᠢᠵᠤ ᠣᠶᠢᠵᠢᠭᠤᠯᠬᠤ ᠡᠭᠦᠷᠭᠡ ᠶᠢ ᠡᠭᠦᠷᠭᠡᠯᠡᠵᠦ ᠢᠷᠡᠵᠡᠢ᠃ ᠤᠳᠤ ᠲᠡᠳᠡᠨ ᠤ ᠤᠯᠠᠨ ᠵᠢᠯ ᠲᠠᠷᠢᠵᠤ ᠤᠷᠭᠤᠭᠤᠯᠤᠬᠰᠠᠨ ᠬᠠᠷᠭᠠᠢ᠂ ᠬᠠᠶᠢᠯᠠᠷ ᠨᠠᠷᠠᠰᠤ᠂ ᠭᠠᠴᠤᠷ᠎ᠠ᠂ ᠬᠤᠰᠤ ᠵᠡᠷᠭᠡ ᠨᠢᠯᠬ᠎ᠠ ᠤᠢ ᠮᠣᠳᠣ ᠨᠢ ᠨᠢᠭᠡᠨᠲᠡ ᠢᠭᠴᠤ ᠰᠠᠬᠤᠯᠢᠭ ᠣᠢ ᠰᠢᠭᠤᠢ ᠪᠣᠯᠵᠠᠢ᠃

ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠣᠲᠣ ᠦᠶ᠎ᠡ ᠶᠢᠨ ᠲᠠᠷᠢᠶᠠᠯᠠᠩ ᠢ ᠡᠭᠦᠳᠦᠨ ᠪᠠᠶᠢᠭᠤᠯᠤᠨ᠎ᠠ      ᠪᠠᠶᠠᠨᠨᠠᠭᠤᠷ ᠬᠤᠳᠠ ᠶᠢᠨ  ᠲᠣᠭᠤᠷᠢᠭ ᠤᠨ ᠱᠤᠸᠠᠩ ᠾᠧ ᠪᠠᠯᠭᠠᠰᠤ ᠶᠢᠨ ᠤᠷᠤᠭᠰᠢᠯᠠᠯᠲᠠ ᠲᠣᠰᠬᠤᠨ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠴᠧᠨ ᠮᠣᠣ ᠸᠧᠢ ᠶᠠᠭ   ᠭᠡᠷ ᠤᠨ ᠬᠥᠮᠥᠰ ᠲᠠᠢ ᠪᠠᠨ ᠬᠠᠮᠲᠤ ᠰᠣᠨᠢᠨ ᠮᠡᠳᠡᠭᠡᠨ ᠤ ᠨᠡᠪᠲᠡᠷᠡᠭᠦᠯᠭᠡ ᠶᠢ ᠦᠵᠡᠵᠦ ᠪᠠᠶᠢᠯ᠎ᠠ᠃

《ᠶᠡᠷᠦᠩᠬᠡᠢ ᠱᠦᠵᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠥᠬᠦᠴᠡᠯ ᠥᠪᠡᠷᠮᠢᠴᠡ ᠣᠨᠴᠠᠭᠠᠢ᠂ ᠬᠡᠳᠦᠶᠢᠪᠡᠷ ᠤᠰᠤ ᠳᠤᠲᠠᠭᠳᠠᠬᠤ ᠦᠭᠡᠢ ᠪᠤᠯᠪᠠᠴᠤ ᠤᠰᠤᠨ ᠤ ᠡᠬᠢ ᠪᠠᠶᠠᠯᠢᠭ ᠢ ᠠᠷᠪᠢᠯᠠᠬᠤ ᠬᠡᠷᠡᠭᠲᠡᠢ ᠭᠡᠵᠦ ᠬᠡᠯᠡᠪᠡ᠃ ᠮᠠᠨ ᠤ ᠲᠣᠰᠬᠤᠨ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ ᠮᠡᠷᠭᠡᠵᠢᠯ ᠢᠶᠠᠷ ᠤᠰᠤᠯᠠᠯᠲᠠ ᠶᠢᠨ ᠣᠷᠣᠨ ᠤ ᠤᠰᠤ ᠶᠢ ᠥᠨᠳᠥᠷ ᠪᠦᠳᠦᠮᠵᠢᠳᠡᠢ ᠲᠣᠬᠢᠷᠠᠭᠤᠯᠵᠤ᠂ ᠮᠡᠳᠡᠭᠡ ᠵᠠᠩᠭᠢᠵᠢᠯᠲᠠ ᠶᠢᠨ ᠪᠠᠭᠠᠵᠢ ᠶᠢ ᠠᠰᠢᠭᠯᠠᠨ ᠠᠯᠤᠰ ᠡᠵᠡᠮᠰᠢᠯᠲᠦ ᠤᠰᠤᠨ ᠤ ᠬᠠᠮᠢᠶᠠᠷᠤᠯᠲᠠ᠂ ᠰᠢᠯᠵᠢᠭᠡ ᠤᠰᠤᠨ ᠤ ᠬᠠᠮᠢᠶᠠᠷᠤᠯᠲᠠ ᠬᠢᠵᠦ᠂ ᠮᠦ ᠪᠦᠷᠢ ᠳᠤ 40% ᠶᠢᠨ ᠪᠣᠷᠳᠣᠭᠤᠷ ᠠᠷᠪᠢᠯᠠᠬᠤ᠂ 30% ᠶᠢᠨ ᠤᠰᠤ ᠠᠷᠪᠢᠯᠠᠬᠤ ᠶᠢ ᠪᠡᠶᠡᠯᠡᠭᠦᠯᠵᠦ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠣᠷᠢᠯᠭ᠎ᠠ ᠳᠤ ᠦᠨᠡᠨ ᠬᠦ ᠬᠦᠷᠴᠦ ᠴᠢᠳᠠᠨ᠎ᠠ》 ᠭᠡᠵᠦ ᠴᠧᠨ ᠮᠣᠣ ᠸᠧᠢ ᠲᠤᠶᠢᠯ ᠢᠶᠠᠷ ᠤᠷᠮᠠᠰᠢᠨ ᠵᠣᠷᠢᠭᠵᠢᠪᠠ᠃

 ᠲᠣᠭᠤᠷᠢᠭ ᠤᠨ ᠭᠠᠨᠵᠤᠤᠷ ᠰᠦᠮ᠎ᠡ ᠪᠠᠯᠭᠠᠰᠤᠨ ᠤ ᠮᠢᠨ ᠵᠦ ᠲᠣᠰᠬᠤᠨ ᠳᠤ᠂ ᠨᠠᠮ ᠤᠨ ᠡᠭᠦᠷ ᠤᠨ ᠱᠦᠵᠢ ᠵᠠᠩ ᠰᠠᠨ ᠮᠢᠩ ᠪᠣᠯᠣᠨ ᠲᠣᠰᠬᠤᠨ ᠤ ᠠᠷᠠᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠴᠤᠭᠯᠠᠷᠠᠵᠤ ᠰᠣᠨᠢᠨ ᠮᠡᠳᠡᠭᠡᠨ ᠤ ᠨᠡᠪᠲᠡᠷᠡᠭᠦᠯᠭᠡ ᠶᠢ ᠰᠡᠳᠬᠢᠯ ᠲᠠᠯᠪᠢᠨ ᠦᠵᠡᠪᠡ᠃ 《ᠮᠥᠨ ᠯᠡ ᠡᠶᠢᠮᠦ ᠬᠠᠯᠠᠭᠤᠨ ᠳᠣᠲᠣᠨᠣᠬᠠᠨ︕》 ᠭᠡᠵᠦ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠦᠶ᠎ᠡ ᠶᠢᠨ ᠵᠢᠷᠤᠭ ᠳᠦᠷᠰᠦ ᠶᠢ ᠬᠠᠷᠠᠭᠠᠳ ᠵᠠᠩ ᠰᠠᠨ ᠮᠢᠩ ᠰᠡᠳᠬᠢᠯ ᠳᠣᠭᠳᠣᠯᠤᠨ ᠶᠠᠷᠢᠨ᠎ᠠ᠃

ᠵᠠᠩ ᠰᠠᠨ ᠮᠢᠩ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠨᠢᠳᠤᠨᠤᠨ ᠪᠡᠭᠡᠵᠢᠩ ᠳᠤ ᠬᠦᠷᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠦᠶ᠎ᠡ ᠶᠢᠨ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠤᠳᠤ ᠪᠤᠯᠲᠠᠯ᠎ᠠ ᠴᠢᠬᠢᠨ ᠳᠤ ᠨᠢ ᠬᠠᠳᠠᠩᠰᠢᠭᠰᠠᠭᠠᠷ ᠪᠠᠶᠢᠨ᠎ᠠ᠃ 《ᠶᠡᠷᠦᠩᠬᠡᠢ ᠱᠦᠵᠢ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠮᠠᠰᠢ ᠬᠠᠯᠠᠮᠵᠢᠯᠠᠵᠤ ᠪᠠᠶᠢᠨ᠎ᠠ᠂ ᠪᠢᠳᠡ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠤᠳᠤ ᠦᠶ᠎ᠡ ᠶᠢᠨ ᠥᠨᠳᠥᠷ ᠦᠷ᠎ᠡ ᠠᠰᠢᠭᠲᠤ ᠬᠥᠳᠡᠭᠡ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠰᠬᠤᠨ ᠤ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠨ᠎ᠠ》 ᠭᠡᠵᠦ ᠵᠠᠩ ᠰᠠᠨ ᠮᠢᠩ ᠬᠡᠯᠡᠪᠡ᠃

ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠢ ᠱᠠᠩ ᠾᠥᠸᠧ ᠯᠢ ᠳᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢᠨ ᠬᠡᠷᠡᠭ ᠡᠷᠭᠢᠯᠡᠭᠴᠢᠳ ᠤᠨ ᠳᠠᠷᠤᠭ᠎ᠠ ᠶᠠᠩ ᠯᠢ᠄ 《ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠮᠡᠳᠡᠭᠡᠯᠡᠯ ᠢ ᠦᠵᠡᠭᠰᠡᠨ ᠤ ᠳᠠᠷᠠᠭ᠎ᠠ᠂ ᠰᠡᠳᠬᠢᠯ ᠮᠠᠰᠢ ᠳᠣᠭᠳᠣᠯᠵᠤ᠂ ᠠᠵᠢᠯ ᠤᠨ ᠡᠷᠴᠢ ᠵᠣᠷᠢᠭ ᠬᠥᠪᠴᠢᠯᠡᠭᠳᠡᠵᠡᠢ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠪᠣᠯᠤᠭᠰᠠᠨ ᠤ ᠬᠤᠪᠢ ᠳᠤ᠂ ᠪᠢ ᠳᠠᠭᠠᠭᠤᠯᠬᠤ ᠦᠢᠯᠡᠳᠦᠯ᠂ ᠵᠢᠱᠢᠶᠡᠴᠢ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠷᠠᠳ ᠢ ᠪᠠᠶᠠᠵᠢᠭᠤᠯᠵᠤ ᠲᠣᠰᠬᠤᠨ ᠢᠶᠠᠨ ᠬᠦᠴᠦᠷᠬᠡᠭᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠤᠯᠭᠠᠵᠤ᠂ ᠲᠠᠷᠢᠶᠠᠴᠢᠳ ᠤᠨ ᠣᠷᠣᠯᠭ᠎ᠠ ᠶᠢ ᠦᠨᠡᠨ ᠬᠦ ᠨᠡᠮᠡᠭᠳᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠦᠨᠡᠨ ᠬᠦ ᠰᠠᠶᠢᠵᠢᠷᠠᠭᠤᠯᠤᠨ᠂ ᠥᠷᠭᠡᠨ ᠤᠯᠠᠨ ᠲᠠᠷᠢᠶᠠᠴᠢᠨ ᠲᠦᠮᠡᠨ ᠢ ᠬᠠᠮᠲᠤ ᠪᠠᠷ ᠪᠠᠶᠠᠵᠢᠭᠤᠯᠤᠨ᠎ᠠ》ᠭᠡᠪᠡ᠃

ᠶᠠᠩ ᠯᠢ ᠪᠣᠯ 12 ᠵᠢᠯ ᠴᠡᠷᠢᠭ ᠤᠨ ᠠᠯᠪᠠ ᠬᠠᠭᠠᠵᠤ᠂ ᠨᠤᠲᠤᠭ ᠲᠠᠭᠠᠨ ᠪᠤᠴᠠᠵᠤ ᠦᠢᠯᠡᠰ ᠪᠣᠰᠬᠠᠵᠤ ᠪᠠᠶᠢᠭ᠎ᠠ ᠴᠡᠷᠢᠭ ᠠᠴᠠ ᠬᠠᠯᠠᠭᠳᠠᠭᠰᠠᠳ ᠪᠣᠯᠣᠨ᠎ᠠ᠂ ᠴᠡᠷᠢᠭ ᠤᠨ ᠬᠤᠸᠠᠷᠠᠨ ᠳᠤ᠂ ᠲᠡᠷᠡ ᠨᠠᠮ ᠤᠨ ᠵᠢᠯᠣᠭᠤᠳᠤᠯᠭ᠎ᠠ ᠶᠢ ᠳᠠᠭᠠᠵᠤ᠂ ᠡᠮᠦᠨ᠎ᠡ ᠨᠢ ᠬᠤᠰᠢᠭᠤᠷᠠᠨ᠂ ᠨᠤᠲᠤᠭ ᠲᠠᠭᠠᠨ ᠪᠤᠴᠠᠭᠰᠠᠨ ᠤ ᠳᠠᠷᠠᠭ᠎ᠠ᠂ ᠲᠠᠷᠢᠶᠠᠴᠢᠳ ᠤᠨ ᠲᠤᠰᠬᠠᠢ ᠬᠤᠷᠰᠢᠶ᠎ᠠ ᠶᠢ ᠡᠭᠦᠳᠦᠨ ᠪᠠᠶᠢᠭᠤᠯᠵᠤ᠂ ᠪᠣᠬᠢᠷᠳᠤᠯ ᠦᠭᠡᠢ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠳᠠᠷᠢᠵᠤ᠂ ᠪᠣᠬᠢᠷᠳᠤᠯ ᠦᠭᠡᠢ᠂ ᠠᠮᠢ ᠠᠬᠤᠢ ᠶᠢᠨ᠂ ᠡᠷᠡᠭᠦᠯ ᠮᠡᠨᠳᠦ ᠨᠠᠷᠠᠲᠤ ᠲᠡᠮᠳᠡᠭᠲᠦ ᠶᠢ ᠴᠢᠷᠮᠠᠶᠢᠨ ᠡᠭᠦᠳᠴᠦ᠂ 100 ᠭᠠᠷᠤᠢ ᠲᠣᠰᠬᠤᠨ ᠤ ᠠᠷᠠᠳ ᠲᠤ ᠠᠵᠢᠯ ᠣᠯᠭᠤᠪᠠ᠃

ᠠᠮᠢ ᠠᠬᠤᠢ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠡᠸᠡᠩᠬᠢ ᠬᠤᠰᠢᠭᠤ ᠣᠶᠢᠷ᠎ᠠ ᠶᠢᠨ ᠵᠢᠯ ᠤᠨ ᠲᠤᠷᠰᠢ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ 2008 ᠣᠨ ᠠᠴᠠ ᠡᠬᠢᠯᠡᠨ᠂ ᠨᠢᠭᠡᠨᠲᠡ ᠬᠠᠭᠠᠯᠪᠤᠷᠢᠯᠠᠭᠰᠠᠨ ᠣᠢ ᠮᠣᠳᠣᠨ ᠤ ᠭᠠᠵᠠᠷ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠠᠢ᠃ ᠥᠷᠭᠡᠨ ᠣᠯᠠᠨ ᠺᠠᠳ᠋ᠷ ᠣᠯᠠᠨ ᠲᠦᠮᠡᠨ ᠤ ᠬᠡᠳᠦᠨ ᠵᠢᠯ ᠤᠨ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠪᠦᠭᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠴᠢᠳᠠᠪᠬᠢ ᠪᠦᠲᠦᠮᠵᠢᠲᠡᠢ ᠰᠡᠷᠭᠦᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃

ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠮᠡᠳᠡᠭᠡᠯᠡᠯ ᠢ ᠭᠥᠯᠢᠶᠡᠨ ᠠᠪᠴᠤ ᠦᠵᠡᠭᠰᠡᠨ ᠤ ᠳᠠᠷᠠᠭ᠎ᠠ᠂ ᠬᠥᠯᠥᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠭᠢᠯᠡᠭᠴᠢ ᠪᠠᠳᠠᠷᠠᠬᠤ ᠶᠡᠬᠡᠳᠡ ᠤᠷᠮᠠᠰᠢᠨ ᠵᠣᠷᠢᠭᠵᠢᠪᠠ᠃ ᠲᠡᠷᠡ᠄ 《ᠬᠤᠶᠢᠰᠢᠳᠠ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠢᠯᠠᠩᠭᠤᠶ᠎ᠠ ᠥᠪᠥᠷ ᠮᠣᠩᠭᠤᠯ ᠤᠨ ︿ᠬᠤᠶᠠᠷ ᠬᠠᠯᠬᠠᠪᠴᠢ﹀ ᠶᠢᠨ ᠪᠠᠶᠢᠯᠳᠤᠬᠤ ᠪᠣᠳᠣᠯᠭ᠎ᠠ ᠶᠢᠨ ᠲᠤᠬᠠᠢ ᠪᠠᠶᠢᠷᠢ ᠲᠣᠭᠲᠠᠭᠠᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠥᠯᠥᠨ ᠪᠤᠶᠢᠷ ᠤᠨ ᠲᠠᠯ᠎ᠠ ᠨᠤᠲᠤᠭ ᠢ ᠲᠡᠭᠷᠢ ᠨᠢ ᠨᠡᠩ ᠴᠡᠯᠮᠡᠭ᠂ ᠡᠪᠡᠰᠦ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠭᠠᠷ ᠨᠢ ᠨᠡᠩ ᠰᠣᠷᠭᠤᠭ ᠪᠤᠯᠭᠠᠵᠤ᠂ ᠮᠠᠯᠵᠢᠬᠤ ᠣᠷᠣᠨ ᠢ ᠨᠡᠩ ᠬᠥᠭᠵᠢᠯ ᠪᠠᠳᠠᠷᠠᠯ ᠲᠠᠢ᠂ ᠮᠠᠯᠴᠢᠨ ᠲᠦᠮᠡᠨ ᠢ ᠨᠡᠩ ᠪᠠᠶᠠᠨ ᠴᠢᠨᠡᠭᠡᠯᠢᠭ ᠪᠤᠯᠭᠠᠬᠤ ᠪᠠᠷ ᠴᠢᠷᠮᠠᠶᠢᠨ᠎ᠠ》ᠭᠡᠵᠦ ᠶᠠᠷᠢᠪᠠ᠃

ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ   18 ᠴᠠᠭ 50  ᠲᠤ᠂ ᠥᠪᠥᠷ ᠮᠣᠩᠭᠤᠯ ᠤᠨ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠪᠦᠭᠦ ᠠᠵᠢᠯᠲᠠᠨ ᠠᠵᠢᠯᠴᠢᠨ ᠬᠤᠷᠠᠯ ᠤᠨ ᠭᠡᠷ ᠲᠤ ᠴᠤᠭᠯᠠᠷᠠᠵᠤ᠂ ᠶᠡᠷᠦᠩᠬᠡᠢ ᠱᠦᠵᠢ ᠶᠢᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠰᠣᠨᠢᠷᠬᠠᠬᠤ ᠪᠠᠷ ᠬᠦᠯᠢᠶᠡᠨ᠎ᠡ᠃ ᠶᠡᠷᠦᠩᠬᠡᠢ ᠱᠦᠵᠢ ᠤᠯᠠᠭᠠᠨᠰᠤᠬᠠᠢ ᠳᠤ ᠬᠦᠷᠴᠦ᠂ ᠤᠯᠠᠭᠠᠨᠰᠤᠬᠠᠢ ᠶᠢᠨ ᠪᠠᠶᠢᠭᠠᠯᠢ ᠶᠢᠨ ᠳᠦᠷᠰᠦ ᠪᠠᠶᠢᠳᠠᠯ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠭᠰᠡᠨ ᠢ ᠬᠠᠷᠠᠭᠠᠳ᠂ ᠤᠯᠠᠨ ᠢᠶᠠᠷ ᠢᠶᠠᠨ ᠰᠡᠳᠬᠢᠯ ᠳᠣᠭᠳᠣᠯᠤᠨ ᠠᠯᠠᠭ᠎ᠠ ᠲᠠᠰᠢᠵᠠᠭᠠᠪᠠ᠃

《ᠶᠡᠷᠦᠩᠬᠡᠢ ᠱᠦᠵᠢ ᠶᠢᠨ ᠤᠯᠠᠭᠠᠨᠰᠤᠬᠠᠢ ᠳᠤ ᠢᠷᠡᠵᠦ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠭᠡᠳ ᠪᠢ ᠲᠤᠶᠢᠯ ᠢᠶᠠᠷ ᠰᠡᠳᠬᠢᠯ ᠳᠣᠭᠳᠣᠯᠪᠠ᠃ ᠶᠡᠷᠦᠩᠬᠡᠢ ᠱᠦᠵᠢ᠂ ᠰᠡᠳᠬᠢᠯ ᠲᠠᠯᠪᠢᠨ ᠵᠠᠰᠠᠵᠤ᠂ ᠬᠦᠴᠦ ᠣᠷᠣᠭᠤᠯᠤᠨ ᠬᠠᠶᠢᠷᠠᠯᠠᠨ ᠬᠠᠮᠠᠭᠠᠯᠠᠵᠤ᠂ ᠢᠮᠠᠭᠲᠠ  ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ᠂ ᠡᠨᠡ ᠬᠦ ︿ᠠᠷᠤ ᠭᠠᠵᠠᠷ ᠤᠨ ᠬᠡᠷᠡᠯᠳᠦ ᠰᠤᠪᠤᠳ﹀ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠳᠤ᠂ ᠤᠯᠠᠭᠠᠨᠰᠤᠬᠠᠢ ᠨᠠᠭᠤᠷ ᠢ ᠨᠠᠩ ᠰᠠᠶᠢᠲᠤᠷ ᠬᠠᠮᠠᠭᠠᠯᠠᠬᠤ ᠶᠢᠨ ᠲᠥᠯᠥᠭᠡ᠂ ᠪᠢᠳᠡ︿ᠵᠢᠭᠠᠰᠤᠴᠢᠨ ᠢ ᠡᠷᠭᠢ ᠳᠤ ᠭᠠᠷᠭᠠᠬᠤ﹀ᠠᠵᠢᠯ ᠢ ᠢᠳᠡᠪᠬᠢᠲᠡᠢ ᠠᠬᠢᠭᠤᠯᠵᠤ᠂ ᠠᠵᠢᠯᠲᠠᠨ ᠠᠵᠢᠯᠴᠢᠨ ᠢ ᠵᠢᠭᠠᠰᠤ ᠠᠩᠨᠠᠭᠴᠢ ᠪᠠᠢᠭᠰᠠᠨ ᠠᠴᠠ ᠨᠢ ᠨᠠᠭᠤᠷ ᠤᠨ ᠣᠷᠣᠨ ᠵᠢᠴᠢ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠭᠴᠢ ᠪᠤᠯᠭᠠᠵᠤ᠂ ᠵᠢᠭᠠᠰᠤ ᠠᠩᠨᠠᠬᠤ ᠶᠢ ᠵᠣᠭᠰᠣᠭᠠᠵᠤ ᠨᠠᠭᠤᠷ ᠢ ᠰᠡᠷᠭᠦᠭᠡᠬᠦ ᠶᠢ ᠪᠡᠶᠡᠯᠡᠭᠦᠯᠵᠦ᠂ ᠨᠠᠭᠤᠷ ᠤᠨ ᠣᠷᠣᠨ ᠤ ᠠᠮᠢ ᠠᠬᠤᠢ ᠶᠢᠨ ᠠᠶᠠᠨᠳᠠᠭᠠᠨ ᠰᠡᠷᠭᠦᠬᠦ ᠶᠢ ᠠᠬᠢᠭᠤᠯᠪᠠ᠃ ᠣᠳᠣᠬᠠᠨ ᠳᠤ ᠨᠢᠭᠡᠨᠲᠡ 167 ᠵᠠᠪᠢ ᠶᠢ ᠡᠭᠡᠭᠦᠯᠦᠨ ᠬᠤᠳᠠᠯᠳᠤᠨ ᠠᠪᠴᠤ᠂ 181 ᠠᠵᠢᠯᠲᠠᠨ ᠠᠵᠢᠯᠴᠢᠨ ᠢ ᠲᠥᠪᠬᠢᠨᠡᠭᠦᠯᠪᠡ》ᠭᠡᠵᠦ ᠺᠤᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠮᠠ ᠬᠠᠢ ᠮᠢᠩ ᠬᠡᠯᠡᠪᠡ᠃

ᠰᠥᠨᠢ ᠶᠢᠨ ᠬᠥᠰᠢᠭᠡ ᠪᠠᠭᠤᠬᠤ ᠳᠤ᠂   ᠪᠤᠯᠠᠭᠠᠨ ᠰᠤᠮᠤ ᠶᠢᠨ ᠬᠤᠷᠠᠯ ᠤᠨ ᠭᠡᠷ ᠲᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠪᠠᠶᠢᠨ ᠲᠠᠭᠢᠨ ᠨᠢᠵᠢᠭᠢᠨᠡᠵᠦ᠂ ᠰᠤᠮᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠬᠠᠮᠲᠤ ᠪᠠᠷ ᠲᠥᠪ ᠤᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠪᠡ᠃

《2014 ᠣᠨ ᠳᠤ ᠶᠡᠷᠦᠩᠬᠡᠢ ᠱᠦᠵᠢ ᠰᠢ ᠶᠢᠨ ᠫᠢᠩ ᠮᠠᠨ ᠤ ᠰᠤᠮᠤᠨ ᠳᠤ ᠢᠷᠡᠵᠦ ᠰᠢᠨᠵᠢᠯᠡᠨ ᠪᠠᠶᠢᠴᠠᠭᠠᠬᠤ ᠳᠤ ᠤᠯᠠᠨ ᠢᠶᠠᠷ ᠢᠶᠠᠨ ᠮᠠᠰᠢ ᠤᠷᠮᠠᠰᠢᠨ ᠵᠣᠷᠢᠭᠵᠢᠪᠠ᠃ ᠣᠶᠢᠷ᠎ᠠ ᠶᠢᠨ ᠵᠢᠯ ᠳᠤ᠂ ᠮᠠᠨ ᠤ ᠰᠤᠮᠤ ᠠᠮᠢ ᠠᠬᠤᠢ ᠶᠢᠨ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠬᠥᠭᠵᠢᠯᠲᠡ ᠳᠠᠪᠰᠢᠯᠲᠠ ᠲᠠᠢ ᠪᠣᠯᠪᠠ᠃ ᠪᠢᠳᠡ ᠶᠡᠷᠦᠩᠬᠡᠢ ᠱᠦᠵᠢ ᠶᠢᠨ ᠲᠤᠰ ᠤᠳᠠᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠰᠤᠷᠤᠯᠴᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠤᠨᠴᠠᠯᠢᠬᠵᠢᠬᠰᠠᠨ᠂ ᠪᠦᠯᠦᠭᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠲᠡᠶᠢᠰᠢ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠲᠠᠯ᠎ᠠ ᠪᠠᠷ ᠬᠡᠯᠬᠢᠶ᠎ᠡ ᠶᠢ ᠨᠥᠬᠦᠪᠦᠷᠢᠯᠡᠨ ᠬᠡᠯᠬᠢᠶ᠎ᠡ ᠶᠢ ᠬᠦᠴᠦᠷᠬᠡᠭᠵᠢᠭᠦᠯᠵᠦ᠂ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠮᠠᠯᠴᠢᠳ ᠤᠨ ᠦᠢᠯᠡᠳᠪᠦᠷᠢᠯᠡᠯ ᠤᠨ ᠦᠵᠡᠯᠲᠡ ᠪᠠᠨ ᠬᠤᠪᠢᠷᠠᠭᠤᠯᠬᠤ ᠶᠢ ᠵᠣᠷᠢᠭᠵᠢᠭᠤᠯᠵᠤ᠂ ᠠᠵᠤ ᠠᠬᠤᠢ ᠶᠢᠨ ᠲᠠᠩᠰᠠ᠂ ᠠᠮᠢ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠡᠪᠦᠯ ᠤᠨ ᠤᠯᠠᠷᠢᠯ ᠳᠤ ᠨᠠᠶᠢᠳᠠᠨ ᠲᠡᠵᠢᠭᠡᠯᠭᠡᠬᠦ᠂ ᠰᠣᠯᠢᠬᠤ ᠲᠠᠪᠴᠠᠩ ᠢ ᠪᠦᠲᠦᠭᠡᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶᠡᠨ ᠳᠤ ᠬᠦᠷᠦᠭᠦᠯᠬᠦ  ᠪᠠᠷ ᠴᠢᠷᠮᠠᠶᠢᠨ᠎ᠠ》ᠭᠡᠵᠦ    ᠶᠢᠨ ᠪᠤᠯᠠᠭᠠᠨ ᠰᠤᠮᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠ ᠶᠠᠨ ᠹᠠᠩ ᠬᠡᠯᠡᠪᠡ᠃

ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠺᠠᠳ᠋ᠷ ᠠᠵᠢᠯᠲᠠᠳ ᠳᠣᠬᠳᠣᠯᠤᠬᠰᠠᠨ ᠰᠡᠳᠬᠢᠯᠭᠡ ᠪᠠᠷ ᠲᠧᠯᠸᠢᠰ᠂ ᠰᠦᠯᠵᠢᠶ᠎ᠡ ᠪᠠ ᠭᠠᠷ ᠤᠲᠠᠰᠤᠨ ᠤ ᠰᠢᠯᠵᠢᠶ᠎ᠡ ᠵᠡᠷᠭᠡ ᠠᠷᠭ᠎ᠠ ᠵᠠᠮ ᠢᠶᠠᠷ ᠲᠥᠪ ᠤᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠪᠡ᠃ ᠣᠯᠠᠨ ᠢᠶᠠᠷ ᠢᠶᠠᠨ᠂ ᠠᠮᠢ ᠠᠬᠤᠢ ᠶᠢ ᠵᠠᠰᠠᠨ ᠰᠡᠷᠭᠦᠭᠡᠬᠦ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠳᠤ ᠴᠢᠨᠠᠷ ᠢ ᠳᠣᠪᠤᠶᠢᠯᠭᠠᠵᠤ᠂ ᠥᠪᠡᠷᠲᠡᠭᠡᠨ ᠵᠠᠰᠠᠬᠤ ᠣᠷᠣᠨ ᠤ 《ᠨᠢᠭᠡ ᠣᠷᠣᠨ ᠬᠤᠶᠠᠷ ᠪᠦᠰᠡ ᠣᠯᠠᠨ ᠬᠤᠩᠭᠢᠯ ᠣᠯᠠᠨ ᠴᠡᠭ》 ᠤᠨ ᠶᠡᠷᠦᠩᠬᠡᠢ ᠠᠮᠢ ᠠᠬᠤᠢ ᠶᠢ ᠵᠠᠰᠠᠨ ᠰᠡᠷᠭᠦᠭᠡᠬᠦ ᠪᠠᠶᠢᠷᠢᠰᠢᠯ ᠢ ᠬᠦᠴᠦᠯᠡᠨ ᠪᠠᠶᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠪᠠ ᠬᠤᠷᠴᠢᠨ ᠤ ᠨᠤᠲᠤᠭ ᠪᠡᠯᠴᠢᠭᠡᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠢᠳᠡᠪᠬᠢᠲᠡᠢ ᠭᠤᠶᠤᠴᠢᠯᠠᠨ ᠮᠡᠳᠡᠭᠦᠯᠬᠦ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠭᠡᠵᠦ ᠢᠯᠡᠳᠬᠡᠵᠡᠭᠡᠪᠡ᠃

 

 


   :                    
   :           
备案序号:蒙ICP备05003250号 公安备案15010502000173