ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠠᠳᠠᠯᠢ ᠬᠤᠭᠤᠴᠠᠭᠠᠨ ᠤ ᠬᠢ ᠠᠴᠠ 53.9% ᠪᠠᠷ ᠨᠡᠮᠡᠭᠳᠡᠵᠦ ᠲᠦᠷᠦᠭᠦᠸ 5 ᠰᠠᠷ᠎ᠠ ᠳᠤ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 691 ᠳᠤᠮᠳᠠ ᠵᠢᠵᠢᠭ ᠠᠵᠤ ᠠᠬᠤᠶᠢᠯᠠᠯ ᠢ ᠬᠦᠮᠦᠷᠭᠡ ᠳᠤ ᠣᠷᠣᠭᠤᠯᠪᠠ
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 — 5 ᠳ᠋ᠤᠭᠠᠷ ᠰᠠᠷ᠎ᠠ ᠳᠤ᠂ ᠮᠠᠨ ᠤ ᠣᠷᠣᠨ 2 ᠪᠦᠯᠦᠭ ᠤᠳᠠᠭ᠎ᠠ ᠶᠢᠨ 691 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠠᠵᠢᠯ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 53.9% ᠪᠠᠷ ᠨᠡᠮᠡᠭᠳᠡᠭᠦᠯᠪᠡ᠃ ᠪᠦᠷᠢᠳᠬᠡᠭᠰᠡᠨ ᠲᠤᠭ᠎ᠠ ᠪᠠᠷᠢᠮᠲᠠ ᠬᠠᠷᠠᠭᠤᠯᠤᠭᠰᠠᠨ ᠨᠢ᠂ ᠨᠢᠭᠡᠨᠲᠡ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠢᠳᠤᠨᠤᠨ ᠨᠢᠭᠡ ᠵᠢᠯ ᠳᠤ 114.9 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠦᠨ᠂ 8.83 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠣᠯᠵᠤ᠂ ᠰᠤᠳᠤᠯᠤᠨ ᠨᠡᠭᠡᠭᠡᠵᠦ ᠬᠦᠭᠵᠢᠭᠦᠯᠬᠦ ᠵᠠᠷᠤᠳᠠᠯ ᠤᠨ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 11.29 ᠳ᠋ᠦᠩᠰᠢᠭᠤᠷ ᠲᠥᠭᠦᠷᠢᠭ ᠲᠤ ᠬᠦᠷᠴᠦ᠂ ᠬᠦᠴᠦᠷᠬᠡᠭ ᠶᠡᠭᠡ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠠᠯᠳᠠ ᠬᠦᠴᠦᠨ ᠢ ᠢᠯᠡᠷᠡᠭᠦᠯᠦᠭᠡᠳ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠴᠢᠬᠤᠯᠠ ᠪᠡᠯᠡᠳᠬᠡᠯ ᠬᠦᠴᠦᠨ ᠪᠣᠯᠤᠭᠰᠠᠨ ᠪᠠᠶᠢᠨ᠎ᠠ᠃
ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠳᠡᠮᠵᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ 《ᠨᠠᠩ ᠰᠠᠶᠢᠨ ᠣᠷᠴᠢᠨ ᠨᠥᠭᠦᠴᠡᠯ ᠢ ᠪᠣᠶ ᠪᠣᠯᠭᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠬᠦᠭᠵᠢᠭᠦᠯᠬᠦ ᠶᠢ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ》 《ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠬᠦᠭᠵᠢᠭᠦᠯᠬᠦ ᠳᠤ ᠡᠳ᠋ ᠤᠨ ᠵᠠᠰᠠᠭ ᠤᠨ ᠣᠷᠣᠭᠤᠯᠤᠯᠲᠠ ᠬᠢᠭᠰᠡᠨ ᠤ ᠳᠠᠷᠠᠭᠠᠬᠢ ᠨᠥᠬᠦᠪᠦᠷᠢ ᠥᠭᠬᠦ ᠠᠷᠭ᠎ᠠ》ᠵᠡᠷᠭᠡ ᠪᠥᠬᠦ ᠲᠠᠯ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠭᠠᠳ ᠳᠠᠷᠤᠮᠠᠯᠯᠠᠨ ᠲᠠᠷᠬᠠᠭᠠᠵᠠᠢ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ《ᠬᠤᠶᠠᠷ ᠲᠠᠬᠢᠨ ᠢᠶᠠᠷ ᠨᠡᠮᠡᠭᠳᠡᠭᠦᠯᠦᠨ ᠬᠤᠶᠠᠷ ᠢ ᠳᠡᠭᠡᠭᠰᠢᠯᠡᠭᠦᠯᠬᠦ》ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠱᠠᠲᠤᠯᠠᠨ ᠪᠣᠶᠢᠵᠢᠭᠤᠯᠬᠤ ᠲᠣᠭᠲᠠᠴᠠ ᠶᠢ ᠪᠠᠶᠢᠭᠤᠯᠵᠤ᠂ ᠡᠨᠡ ᠵᠢᠯ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠠᠩᠬᠠᠳᠤᠭᠠᠷ ᠤᠳᠠᠭ᠎ᠠ ᠮᠠᠭᠠᠳᠯᠠᠨ ᠲᠣᠭᠲᠠᠭᠠᠭᠳᠠᠭᠰᠠᠨ 443 ᠠᠵᠤ ᠠᠬᠤᠶᠢᠯᠠᠯ ᠢ 1.3 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢᠶᠠᠷ ᠳᠡᠮᠵᠢᠪᠡ᠃ ᠨᠢᠳᠤᠨᠤᠨ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠦᠭᠰᠡᠨ ᠠᠴᠠ ᠠᠪᠤᠭᠠᠳ ᠤᠳᠤ ᠪᠣᠯᠲᠠᠯ᠎ᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ 1801 ᠣᠨᠴᠠ ᠲᠣᠮᠢᠯᠠᠭᠳᠠᠭᠰᠠᠳ ᠰᠢᠨᠵᠢᠯᠡᠬᠦ ᠤᠬᠠᠭᠠᠨ ᠮᠡᠷᠭᠡᠵᠢᠯ ᠤᠨ 5541 ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠤᠶᠢᠯ ᠤᠨ ᠶᠡᠭᠡ ᠪᠠᠷ ᠬᠥᠭᠵᠢᠭᠡᠵᠡᠢ᠃
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠨᠥᠭᠦᠴᠡᠯ ᠢ ᠲᠠᠰᠤᠷᠠᠯᠲᠠ ᠦᠭᠡᠢ ᠪᠣᠶ ᠪᠣᠯᠭᠠᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠢ ᠠᠵᠤ ᠠᠬᠤᠶᠢᠯᠠᠯ ᠲᠥᠪᠯᠡᠷᠡᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠨ᠎ᠡ᠃