ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠶ ᠰᠢᠭᠤᠢ ᠨᠤᠲᠤᠭ ᠪᠡᠯᠴᠢᠭᠡᠷ ᠪᠠ ᠬᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ ᠪᠠᠶᠢᠨ᠎ᠠ
ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ ᠂ ᠥᠪᠡᠷᠲᠡᠭᠡᠨ ᠵᠠᠰᠠᠬᠤ ᠣᠷᠣᠨ ᠤ 《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ 《ᠺᠦᠨᠯᠦ᠋ᠨ 2023》 ᠲᠤᠰᠬᠠᠢ ᠠᠵᠢᠯᠯᠠᠭ᠎ᠠ ᠲᠠᠢ ᠣᠶᠠᠯᠳᠤᠭᠤᠯᠤᠨ ᠂ ᠥᠪᠥᠷ ᠮᠣᠩᠭᠤᠯ ᠣᠷᠣᠨ ᠤ ᠣᠨᠴᠠᠯᠢᠭ ᠲᠠᠢ 《ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ》 ᠶᠢ ᠥᠷᠨᠢᠭᠦᠯᠦᠭᠡᠳ ᠂ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠪᠠ ᠠᠮᠢᠳᠤ ᠪᠣᠳᠠᠰ ᠤᠨ ᠲᠥᠷᠥᠯ ᠪᠦᠯᠦᠭ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠪᠠ ᠬᠡᠭᠡᠷ᠎ᠡ ᠶᠢᠨ ᠠᠮᠢᠲᠠᠨ ᠳᠤ ᠬᠤᠯᠪᠤᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ ᠪᠠᠶᠢᠨ᠎ᠠ ᠃ ᠵᠢᠯ ᠡᠬᠢᠯᠡᠭᠰᠡᠨ ᠠᠴᠠ ᠨᠠᠭᠠᠰᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠶ ᠰᠢᠭᠤᠢ ᠨᠤᠲᠤᠭ ᠪᠡᠯᠴᠢᠭᠡᠷ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠳᠤ ᠬᠤᠯᠪᠣᠭᠳᠠᠭᠰᠠᠨ 204 ᠬᠡᠷᠡᠭ ᠢ ᠢᠯᠡᠷᠡᠭᠦᠯᠦᠭᠡᠳ ᠂ 302 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠠᠢ ᠃