ᠵᠤᠬᠢᠶᠠᠭᠴᠢ:
ᠴᠠᠭ:2023-06-16
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠬᠤᠨᠳᠦ᠋ᠷᠠᠰ ᠤᠨ ᠶᠡᠷᠦᠩᠬᠡᠶᠢᠯᠡᠭᠴᠢ ᠺᠠᠰᠲᠷᠣ᠋ ᠲᠠᠢ ᠬᠡᠯᠡᠯᠴᠡᠭᠡ ᠬᠢᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 ᠣᠨ ᠤ 6 ᠰᠠᠷ᠎ᠠ ᠶᠢᠨ 12 ᠤᠨ ᠤᠨ ᠴᠠᠭᠢᠯᠭᠠᠨ ᠮᠡᠳᠡᠭᠡ 6 ᠰᠠᠷ᠎ᠠ ᠶᠢᠨ 12 ᠤᠨ ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠬᠤᠨᠳᠦ᠋ᠷᠠᠰ ᠤᠨ ᠶᠡᠷᠦᠩᠬᠡᠶᠢᠯᠡᠭᠴᠢ ᠺᠠᠰᠲᠷᠣ᠋ ᠲᠠᠢ ᠬᠡᠯᠡᠯᠴᠡᠭᠡ ᠬᠢᠪᠡ ᠃
ᠰᠢ ᠶᠢᠨ ᠫᠢᠩ ᠂ ᠶᠡᠷᠦᠩᠬᠡᠶᠢᠯᠡᠭᠴᠢ ᠺᠠᠰᠲᠷᠣ᠋ ᠪᠣᠯ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠬᠤᠨᠳᠦ᠋ᠷᠠᠰ ᠤᠨ ᠠᠩᠬᠠᠳᠠᠭᠴᠢ ᠶᠡᠷᠦᠩᠬᠡᠶᠢᠯᠡᠭᠴᠢ ᠪᠣᠯᠣᠨ᠎ᠠ ᠂ ᠲᠠᠨ ᠤ ᠠᠶᠢᠯᠴᠢᠯᠠᠯᠲᠠ ᠳᠤᠮᠳᠠᠳᠤ ᠬᠤᠨᠳᠦ᠋ᠷᠠᠰ ᠤᠨ ᠬᠠᠷᠢᠯᠴᠠᠭ᠎ᠠ ᠶᠢᠨ ᠰᠢᠨ᠎ᠡ ᠲᠡᠦᠬᠡᠨ ᠬᠠᠭᠤᠳᠠᠰᠤ ᠶᠢ ᠨᠡᠭᠡᠭᠡᠪᠡ ᠃ ᠡᠨᠡ ᠵᠢᠯ ᠤᠨ 3 ᠰᠠᠷ᠎ᠠ ᠳᠤ ᠳᠤᠮᠳᠠᠳᠤ ᠤᠯᠤᠰ ᠬᠤᠨᠳᠦ᠋ᠷᠠᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠂ ᠬᠤᠶᠠᠷ ᠤᠯᠤᠰ ᠤᠨ ᠬᠠᠷᠢᠯᠴᠠᠭ᠎ᠠ ᠦᠳᠲᠡᠷ ᠲᠦᠷᠭᠡᠨ ᠰᠠᠶᠢᠨ ᠡᠭᠢᠯᠡᠯᠲᠡ ᠲᠠᠢ ᠪᠣᠯᠵᠤ ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠰᠠᠷᠠᠭᠤᠯ ᠢᠷᠡᠭᠡᠳᠦᠢ ᠶᠢ ᠬᠠᠷᠠᠭᠤᠯᠪᠠ ᠃ ᠳᠤᠮᠳᠠᠳᠤ ᠬᠤᠨᠳᠦ᠋ᠷᠠᠰ ᠬᠠᠷᠢᠯᠴᠠᠭ᠎ᠠ ᠪᠠᠶᠢᠭᠤᠯᠤᠭᠰᠠᠨ ᠨᠢ ᠡᠳᠦᠭᠡ ᠴᠠᠭ ᠲᠤ ᠭᠠᠪᠢᠶ᠎ᠠ ᠪᠠᠶᠢᠭᠤᠯᠵᠤ ᠂ ᠠᠯᠤᠰ ᠢᠷᠡᠭᠡᠳᠦᠢ ᠳᠤ ᠠᠰᠢᠭ ᠭᠦᠷᠳᠡᠭᠦ ᠶᠠᠪᠤᠳᠠᠯ ᠪᠣᠯᠣᠨ᠎ᠠ ᠃ ᠳᠤᠮᠳᠠᠳᠤ ᠤᠯᠤᠰ ᠭᠤᠶᠢᠪᠢᠰᠢ ᠦᠭᠡᠢ ᠪᠠᠷ ᠳᠤᠮᠳᠠᠳᠤ ᠬᠤᠨᠳᠦ᠋ᠷᠠᠰ ᠤᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠵᠦ ᠂ ᠬᠤᠨᠳᠦ᠋ᠷᠠᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠡᠷᠡᠰ ᠳᠡᠮᠵᠢᠵᠦ ᠂ ᠳᠤᠷᠠᠲᠠᠶ᠎ᠠ ᠬᠤᠨᠳᠦ᠋ᠷᠠᠰ ᠲᠠᠢ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠬᠠᠷᠢᠯᠴᠠᠨ ᠠᠰᠢᠭᠲᠠᠢ ᠂ ᠬᠠᠮᠲᠤ ᠪᠠᠷ ᠬᠥᠭᠵᠢᠬᠦ ᠰᠠᠶᠢᠨ ᠨᠠᠶᠢᠵᠠ ᠂ ᠰᠠᠶᠢᠨ ᠬᠠᠨᠢᠲᠠᠨ ᠪᠣᠯᠣᠨ᠎ᠠ ᠃ ᠪᠢ ᠳᠤᠷᠠᠲᠠᠶ᠎ᠠ ᠲᠠᠨ ᠲᠠᠢ ᠬᠠᠮᠲᠤ ᠪᠠᠷ ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠬᠥᠲᠥᠯᠥᠨ ᠳᠠᠭᠠᠭᠤᠯᠬᠤ ᠪᠠ ᠠᠬᠢᠭᠤᠯᠵᠤ ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠦᠨᠡᠨ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠳᠤᠮᠳᠠᠳᠤ ᠬᠤᠨᠳᠥ᠋ᠷᠠᠰ ᠤᠨ ᠬᠠᠷᠢᠯᠴᠠᠭ᠎ᠠ ᠯᠠᠪᠲᠠᠢ ᠯᠠᠪᠳᠠᠭᠤᠨ ᠬᠤᠯᠠ ᠠᠶᠠᠯᠠᠵᠤ ᠂ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠵᠥᠪ ᠴᠢᠭᠯᠡᠯ ᠢ ᠪᠠᠲᠤ ᠡᠵᠡᠮᠳᠡᠵᠦ ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ ᠃ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯ ᠳᠤᠮᠳᠠᠳᠤ ᠬᠤᠨᠳᠦ᠋ᠷᠠᠰ ᠬᠠᠷᠢᠯᠴᠠᠭ᠎ᠠ ᠪᠠᠶᠢᠭᠤᠯᠬᠤ ᠪᠠ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢᠨ ᠲᠡᠷᠢᠭᠦᠨ ᠴᠢᠬᠤᠯᠠ ᠤᠷᠢᠲᠠᠯ ᠪᠠ ᠤᠯᠤᠰ ᠲᠦᠷᠦ ᠶᠢᠨ ᠰᠠᠭᠤᠷᠢ ᠪᠣᠯᠣᠨ᠎ᠠ ᠂ ᠬᠤᠨᠳᠥ᠋ᠷᠠᠰ ᠤᠨ ᠬᠢᠨ ᠤ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠢᠲᠡᠭᠡᠵᠦ ᠪᠠᠶᠢᠨ᠎ᠠ ᠃ ᠬᠤᠨᠳᠥ᠋ᠷᠠᠰ ᠤᠨ ᠬᠢᠨ ᠤ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠂ ᠬᠥᠭᠵᠢᠯᠲᠡ ᠪᠠᠨ ᠠᠬᠢᠭᠤᠯᠬᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠤᠮᠳᠠᠳᠤ ᠤᠯᠤᠰ ᠡᠷᠡᠰ ᠳᠡᠮᠵᠢᠵᠦ ᠂ ᠬᠤᠨᠳᠦ᠋ᠷᠠᠰ ᠤᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠬᠤ ᠶᠢ ᠳᠡᠮᠵᠢᠵᠦ ᠂ ᠶᠠᠮᠠᠷᠪᠠ ᠭᠠᠳᠠᠭᠠᠳᠤ ᠶᠢᠨ ᠬᠦᠴᠦᠨ ᠤ ᠬᠤᠨᠳᠥ᠋ᠷᠠᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ ᠂ ᠳᠤᠷᠠᠲᠠᠶ᠎ᠠ ᠬᠤᠨᠳᠥ᠋ᠷᠠᠰ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠪᠠᠨ ᠴᠢᠩᠭᠠᠳᠬᠠᠵᠤ ᠂ ᠶᠠᠳᠠᠭᠤ ᠬᠦᠴᠢᠷᠳᠡᠯ ᠢ ᠠᠷᠢᠯᠭᠠᠬᠤ ᠂ ᠨᠡᠶᠢᠭᠡᠮ ᠢ ᠵᠠᠰᠠᠬᠤ ᠂ ᠢᠯᠵᠠᠷᠠᠯ ᠢ ᠵᠠᠯᠬᠠᠭᠠᠨ ᠰᠢᠢᠳᠬᠡᠬᠦ ᠵᠡᠷᠭᠡ ᠲᠤᠷᠰᠢᠯᠭ᠎ᠠ ᠪᠠᠨ ᠬᠤᠪᠢᠶᠠᠯᠴᠠᠵᠤ ᠂ ᠵᠠᠰᠠᠭ ᠤᠨ ᠣᠷᠳᠣᠨ ᠂ ᠬᠠᠤᠯᠢ ᠲᠣᠭᠲᠠᠭᠠᠬᠤ ᠪᠠᠶᠢᠭᠤᠯᠤᠮᠵᠢ ᠂ ᠲᠦᠷᠦ ᠶᠢᠨ ᠨᠠᠮ ᠂ ᠣᠷᠣᠨ ᠨᠤᠲᠤᠭ ᠤᠨ ᠪᠦᠭᠦ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠬᠢᠬᠦ ᠶᠢ ᠵᠣᠷᠢᠭᠵᠢᠭᠤᠯᠤᠨ᠎ᠠ ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢᠨ ᠨᠢᠷᠤᠭᠤ ᠲᠤᠯᠭᠠᠭᠤᠷᠢ ᠶᠢ ᠪᠠᠶᠢᠭᠤᠯᠵᠤ ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠬᠠᠮᠲᠤ ᠶᠢᠨ ᠬᠥᠭᠵᠢᠯᠲᠡ ᠶᠢ ᠠᠬᠢᠭᠤᠯᠤᠶ᠎ᠠ ᠃ ᠳᠤᠮᠳᠠᠳᠤ ᠤᠯᠤᠰ ᠬᠤᠨᠳᠥ᠋ᠷᠠᠰ ᠤᠨ ᠣᠨᠴᠠᠯᠢᠭᠲᠤ ᠪᠦᠲᠦᠭᠡᠭᠳᠡᠬᠦᠨ ᠢ ᠡᠷᠲᠡᠬᠡᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠢᠳᠡᠪᠬᠢᠲᠡᠢ ᠠᠬᠢᠭᠤᠯᠵᠤ ᠂ ᠳᠤᠷᠠᠲᠠᠶ᠎ᠠ ᠬᠤᠨᠳᠥ᠋ᠷᠠᠰ ᠤᠨ ᠬᠢᠨ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠵᠥᠪᠳᠡᠯᠴᠡᠬᠦ ᠠᠬᠢᠴᠠ ᠶᠢ ᠡᠷᠲᠡᠬᠡᠨ ᠡᠬᠢᠯᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ ᠂ ᠳᠤᠮᠳᠠᠳᠤ ᠬᠤᠨᠳᠥ᠋ᠷᠠᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠃ ᠳᠤᠮᠳᠠᠳᠤ ᠤᠯᠤᠰ ᠳᠤᠷᠠᠲᠠᠶ᠎ᠠ ᠬᠤᠨᠳᠥ᠋ᠷᠠᠰ ᠤᠨ ᠬᠢᠨ ᠲᠠᠢ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠡᠮᠬᠢ ᠳᠢᠭᠯᠢᠮ ᠪᠠ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠲᠤ ᠪᠠᠷ ᠬᠠᠮᠠᠭᠠᠯᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠃ ᠳᠤᠮᠳᠠᠳᠤ ᠤᠯᠤᠰ ᠳᠤᠷᠠᠲᠠᠶ᠎ᠠ ᠬᠤᠨᠳᠦ᠋ᠷᠠᠰ ᠢ ᠪᠠᠭᠲᠠᠭᠠᠭᠰᠠᠨ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠪᠣᠯᠣᠨ ᠳᠤᠮᠳᠠᠳᠤ ᠯᠠᠲ᠋ᠢᠨ ᠠᠮᠧᠷᠢᠺᠠ ᠶᠢᠨ ᠪᠦᠬᠦᠯᠢ ᠴᠣᠭᠴᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃
ᠺᠠᠰᠲᠷᠣ᠋ ᠂ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ ᠬᠤᠨᠳᠦ᠋ᠷᠠᠰ ᠤᠨ ᠵᠠᠰᠠᠭ ᠤᠨ ᠣᠷᠳᠣᠨ ᠤ ᠠᠪᠤᠭᠰᠠᠨ ᠲᠡᠦᠬᠡᠲᠦ ᠴᠢᠨᠠᠷᠲᠠᠢ ᠰᠣᠩᠭᠤᠯᠲᠠ ᠮᠥᠨ ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠨᠢ ᠯᠠᠪᠲᠠᠢ ᠶᠤᠮ ᠃ ᠬᠤᠨᠳᠦ᠋ᠷᠠᠰ ᠤᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠨ ᠵᠢᠷᠤᠮᠯᠠᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠡ ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠂ ᠳᠤᠮᠳᠠᠳᠤ ᠤᠯᠤᠰ ᠬᠥᠭᠵᠢᠯᠲᠡ ᠶᠢᠨ ᠠᠤᠭ᠎ᠠ ᠶᠡᠭᠡ ᠠᠮᠵᠢᠯᠲᠠ ᠣᠯᠵᠠᠢ ᠂ ᠬᠤᠨᠳᠦ᠋ᠷᠠᠰ ᠤᠨ ᠲᠠᠯ᠎ᠠ ᠶᠢᠨ ᠬᠢᠨ ᠡᠭᠦᠨ ᠢ ᠶᠡᠬᠡᠳᠡ ᠪᠢᠰᠢᠷᠡᠵᠦ ᠪᠠᠶᠢᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠭᠰᠡᠨ ᠨᠡᠩ ᠡᠩᠬᠡ ᠲᠠᠶᠢᠪᠤᠩ ᠂ ᠠᠮᠤᠷ ᠲᠦᠪᠰᠢᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠠᠰᠢᠭᠲᠠᠢ ᠶᠤᠮ ᠂ ᠬᠤᠨᠳᠦ᠋ᠷᠠᠰ ᠤᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠢᠳᠡᠪᠬᠢᠲᠡᠢ ᠣᠷᠣᠯᠴᠠᠨ᠎ᠠ ᠃ ᠬᠤᠨᠳᠦ᠋ᠷᠠᠰ ᠤᠨ ᠬᠢᠨ ᠤ ᠳᠤᠮᠳᠠᠳᠤ ᠤᠯᠤᠰ ᠯᠤᠭ᠎ᠠ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠪᠠᠨ ᠬᠥᠭᠵᠢᠭᠦᠯᠬᠦ ᠨᠢ ᠬᠤᠨᠳᠦ᠋ᠷᠠᠰ ᠤᠨ ᠲᠠᠯ᠎ᠠ ᠳᠤ ᠨᠡᠩ ᠤᠯᠠᠨ ᠂ ᠨᠡᠩ ᠰᠠᠶᠢᠨ ᠬᠥᠭᠵᠢᠯᠲᠡ ᠶᠢᠨ ᠠᠵᠠ ᠲᠣᠭᠢᠶᠠᠯ ᠣᠯᠭᠤᠬᠤ ᠳᠤ ᠠᠰᠢᠭᠲᠠᠢ ᠭᠡᠳᠡᠭ ᠢ ᠪᠠᠲᠤ ᠢᠲᠡᠭᠡᠵᠦ ᠪᠠᠶᠢᠨ᠎ᠠ ᠃ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠤᠶᠠᠷ ᠰᠠᠷ᠎ᠠ ᠭᠠᠷᠤᠢ ᠶᠢᠨ ᠲᠤᠷᠰᠢᠬᠢ ᠬᠠᠮᠲᠤᠷᠠᠯᠴᠠᠭ᠎ᠠ ᠶᠢᠨ ᠲᠦᠷᠭᠡᠨ ᠠᠬᠢᠴᠠ ᠨᠢ ᠬᠤᠨᠳᠦ᠋ᠷᠠᠰ ᠤᠨ ᠲᠠᠯ᠎ᠠ ᠶᠢ ᠢᠷᠡᠭᠡᠳᠦᠢ ᠳᠤ ᠢᠲᠡᠭᠡᠯ ᠲᠡᠭᠦᠯᠳᠡᠷ ᠪᠣᠯᠭᠠᠪᠠ ᠃ ᠬᠤᠨᠳᠦ᠋ᠷᠠᠰ ᠤᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠠᠷᠠᠯᠵᠢᠶ᠎ᠠ ᠂ ᠪᠡᠯᠡ ᠣᠷᠣᠭᠤᠯᠤᠯᠲᠠ ᠂ ᠰᠠᠭᠤᠷᠢ ᠪᠡᠯᠡᠳᠭᠡᠮᠵᠢ ᠂ ᠴᠠᠭᠢᠯᠭᠠᠨ ᠬᠤᠯᠪᠤᠭ᠎ᠠ ᠂ ᠡᠨᠧᠷᠭᠢ ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ ᠃ ᠬᠤᠨᠳᠦ᠋ᠷᠠᠰ ᠤᠨ ᠲᠠᠯ᠎ᠠ ᠳᠤᠷᠠᠲᠠᠶ᠎ᠠ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭᠠᠨ ᠤ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ ᠃ ᠬᠤᠨᠳᠦ᠋ᠷᠠᠰ ᠪᠠ ᠳᠤᠮᠳᠠᠳᠤ ᠤᠯᠤᠰ ᠤᠨ ᠨᠥᠬᠦᠷᠯᠡᠯ ᠯᠠᠪᠲᠠᠢ ᠴᠠᠭ ᠤᠨ ᠰᠢᠯᠭᠠᠯᠲᠠ ᠶᠢ ᠲᠤᠭᠤᠯᠵᠤ ᠂ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃
ᠬᠡᠯᠡᠯᠴᠡᠭᠡ ᠲᠡᠭᠦᠰᠦᠭᠰᠡᠨ ᠤ ᠳᠠᠷᠠᠭ᠎ᠠ ᠂ ᠬᠤᠶᠠᠷ ᠤᠯᠤᠰ ᠤᠨ ᠲᠡᠷᠢᠭᠦᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠂ ᠶᠠᠰᠤ ᠴᠢᠨᠠᠷ ᠤᠨ ᠪᠠᠶᠢᠴᠠᠭᠠᠯᠲᠠ ᠂ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠂ ᠰᠢᠨᠵᠢᠯᠡᠬᠦ ᠤᠬᠠᠭᠠᠨ ᠮᠡᠷᠭᠡᠵᠢᠯ ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃
ᠬᠤᠶᠠᠷ ᠲᠠᠯ᠎ᠠ ᠪᠠᠷ ᠢᠶᠠᠨ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠨᠳᠦ᠋ᠷᠠᠰ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ》 ᠶᠢ ᠨᠡᠶᠢᠲᠡᠯᠡᠪᠡ ᠃
ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠺᠠᠰᠲᠷᠣ᠋ ᠶᠢ ᠤᠭᠲᠤᠬᠤ ᠶᠣᠰᠣᠯᠠᠯ ᠶᠠᠪᠤᠭᠤᠯᠪᠠ ᠃
ᠺᠠᠰᠲᠷᠣ᠋ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠬᠤᠨᠳᠦ᠋ᠷᠠᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠺᠠᠰᠲᠷᠣ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃
ᠲᠤᠰ ᠣᠷᠣᠢ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠺᠠᠰᠲᠷᠣ᠋ ᠶᠢ ᠤᠭᠲᠤᠬᠤ ᠳᠠᠶᠢᠯᠠᠯᠭ᠎ᠠ ᠬᠢᠪᠡ ᠃
ᠸᠠᠩ ᠢ ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃