ᠵᠤᠬᠢᠶᠠᠭᠴᠢ:
ᠴᠠᠭ:2023-06-16
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
︽ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 ᠣᠨ ᠤ 6 ᠰᠠᠷ᠎ᠠ ᠶᠢᠨ 11 ᠤ ᠡᠳᠦᠷ ᠦᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ 《ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ》ᠭᠡᠬᠦ ᠨᠣᠮ ᠢ ᠣᠶᠢᠷ᠎ᠠ ᠶᠢᠨ ᠡᠳᠦᠷ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃
ᠡᠮᠡᠭᠲᠡᠶᠢᠴᠦᠳ ᠤᠨ ᠦᠢᠯᠡᠰ ᠪᠣᠯ ᠢᠮᠠᠭᠲᠠ ᠨᠠᠮ ᠪᠠ ᠠᠷᠠᠳ ᠲᠦᠮᠡᠨ ᠤ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠠᠴᠠ ᠡᠭᠦᠰᠴᠦ ᠂ ᠡᠮᠡᠭᠲᠡᠶᠢᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠢᠳᠡᠪᠬᠢᠲᠡᠢ ᠠᠬᠢᠭᠤᠯᠵᠤ ᠂ ᠡᠮᠡᠭᠲᠡᠶᠢᠴᠦᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠵᠤ ᠂ ᠡᠮᠡᠭᠲᠡᠶᠢᠴᠦᠳ ᠤᠨ ᠡᠯ᠎ᠡ ᠲᠠᠯ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ ᠂ ᠮᠠᠨ ᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ ᠃ ᠰᠢ ᠶᠢᠨ ᠫᠢᠩ ᠨᠥᠬᠦᠷ ᠤᠨ ᠡᠮᠡᠭᠲᠡᠶᠢᠴᠦᠳ ᠬᠡᠦᠬᠡᠳ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠨᠢ ᠤᠳᠬ᠎ᠠ ᠭᠦᠨ ᠰᠠᠨᠠᠭ᠎ᠠ ᠬᠤᠯᠠᠴᠢ ᠂ ᠠᠭᠤᠯᠤᠭᠳᠠᠬᠤᠨ ᠡᠯᠪᠡᠭ ᠪᠠᠶᠠᠯᠢᠭ ᠂ ᠦᠵᠡᠯ ᠰᠠᠨᠠᠭ᠎ᠠ ᠭᠦᠨᠵᠡᠭᠡᠢ ᠪᠠᠶᠢᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠮᠡᠭᠲᠡᠶᠢᠴᠦᠳ ᠤᠨ ᠦᠢᠯᠡᠰ ᠢ ᠬᠥᠭᠵᠢᠭᠦᠯᠬᠦ ᠂ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠬᠤ ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠂ ᠥᠷᠭᠡᠨ ᠤᠯᠠᠨ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠃
《ᠥᠭᠦᠯᠡᠯᠲᠡ ᠶᠢᠨ ᠲᠡᠭᠦᠪᠦᠷᠢ》 ᠳᠤ 8 ᠲᠤᠰᠬᠠᠢ ᠰᠡᠳᠦᠪ ᠬᠤᠪᠢᠶᠠᠨ ᠂ ᠨᠡᠶᠢᠳᠡ 174 ᠬᠡᠰᠡᠭ ᠥᠭᠦᠯᠡᠯᠲᠡ ᠶᠢ ᠣᠷᠣᠭᠤᠯᠵᠤ ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠶᠢᠨ 29 ᠠᠴᠠ 2023 ᠣᠨ ᠤ 3 ᠰᠠᠷ᠎ᠠ ᠶᠢᠨ 6 ᠤ ᠡᠳᠦᠷ ᠪᠤᠯᠲᠠᠯᠠᠭᠢ ᠬᠤᠭᠤᠴᠠᠭᠠᠨ ᠳᠠᠬᠢ ᠮᠡᠳᠡᠭᠦᠯᠦᠯᠲᠡ ᠂ ᠶᠠᠷᠢᠶ᠎ᠠ ᠂ ᠲᠣᠳᠣᠷᠬᠠᠶᠢᠯᠠᠯᠲᠠ ᠂ ᠪᠠᠶᠠᠷ ᠤᠨ ᠵᠠᠬᠢᠳᠠᠯ ᠂ ᠵᠢᠭᠠᠪᠤᠷᠢ ᠂ ᠴᠣᠬᠤᠯᠠᠪᠤᠷᠢ ᠵᠡᠷᠭᠡ 50 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠴᠠᠢ ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ ᠃