ᠵᠤᠬᠢᠶᠠᠭᠴᠢ: ᠴᠠᠭ:2023-06-16 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠣᠯᠣᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠴᠡᠷᠢᠭ ᠠᠩᠭᠢ ᠶᠢᠨ ᠪᠦᠭᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠬᠢᠯᠢ ᠶᠢ ᠰᠡᠷᠭᠡᠶᠢᠯᠡᠨ ᠬᠠᠮᠠᠭᠠᠯᠠᠵᠤ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠪᠠᠲᠤ ᠪᠠᠬᠢ ᠪᠣᠯᠣᠳ ᠬᠡᠷᠡᠮ ᠢ ᠴᠢᠷᠮᠠᠶᠢᠨ ᠴᠣᠭᠴᠠᠯᠠᠬᠤ ᠬᠡᠷᠡᠭᠲᠡᠢ

 

ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 2023 ᠣᠨ ᠤ 6  ᠰᠠᠷ᠎ᠠ ᠶᠢᠨ 9 ᠤ  ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠡᠳᠦᠷ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠣᠯᠣᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠥᠪᠥᠷ ᠮᠣᠩᠭᠤᠯ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠭᠦ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠂ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠴᠡᠷᠢᠭ ᠠᠩᠭᠢ ᠶᠢᠨ ᠪᠦᠭᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢ ᠰᠡᠷᠭᠡᠶᠢᠯᠡᠨ ᠬᠠᠮᠠᠭᠠᠯᠠᠵᠤ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠢᠶᠠᠨ ᠬᠠᠮᠠᠭᠠᠯᠠᠵᠤ ᠬᠢᠯᠢ ᠶᠢ ᠬᠠᠮᠠᠭᠠᠯᠠᠬᠤ ᠪᠠᠲᠤ ᠪᠠᠬᠢ ᠬᠡᠷᠡᠮ ᠢ ᠴᠢᠷᠮᠠᠶᠢᠨ ᠴᠣᠭᠴᠠᠯᠠᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

6  ᠰᠠᠷ᠎ᠠ ᠶᠢᠨ ᠥᠪᠥᠷ ᠮᠣᠩᠭᠤᠯ ᠤᠨ ᠡᠬᠡ ᠭᠠᠵᠠᠷ ᠲᠤ ᠬᠥᠬᠡᠮᠳᠦᠭ ᠠᠭᠤᠯᠠ ᠬᠥᠬᠡᠷᠡᠨ ᠨᠣᠭᠤᠭᠠᠷᠠᠵᠤ᠂ ᠬᠥᠬᠡ ᠡᠪᠡᠰᠦ ᠬᠡᠪᠢᠰ ᠳᠡᠪᠢᠰᠦᠭᠰᠡᠨ ᠮᠡᠲᠦ᠃ ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠶᠢᠭᠤᠯᠭ᠎ᠠ ᠳᠤ ᠬᠦᠷᠴᠦ᠂ ᠤᠷᠢᠳ ᠬᠤᠵᠢᠳ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ᠂ ᠬᠠᠭᠤᠷᠠᠢ ᠵᠠᠮ ᠤᠨ ᠴᠡᠷᠢᠭ᠂ ᠥᠪᠥᠷ ᠮᠣᠩᠭᠤᠯ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠪᠠᠷᠢᠭᠠᠳᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ ᠥᠪᠥᠷ ᠮᠣᠩᠭᠤᠯ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠣᠷᠳᠣ ᠬᠤᠭᠤᠴᠠᠭᠠᠨ ᠤ ᠲᠤᠷᠰᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠦᠵᠡᠭᠦᠯᠦᠭᠰᠡᠨ ᠦᠢᠯᠡᠳᠦᠯ ᠢ ᠭᠦᠢᠴᠡᠳ ᠨᠤᠲᠠᠯᠠᠪᠠ᠃

ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠪᠠᠶᠢᠭᠤᠯᠤᠮᠵᠢ ᠨᠡᠩ ᠪᠦᠷᠢᠨᠰᠢᠵᠦ᠂ ᠬᠦᠴᠦᠨ ᠨᠡᠩ ᠲᠡᠭᠦᠯᠳᠡᠷᠵᠢᠵᠦ᠂ ᠰᠠᠭᠤᠷᠢ ᠨᠡᠩ ᠪᠠᠲᠤᠵᠢᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠠᠶᠢᠳᠠᠯ ᠲᠠᠰᠤᠷᠠᠯᠳᠡ ᠦᠭᠡᠢ ᠪᠠᠬᠢᠵᠢᠪᠡ᠃ ᠪᠦᠭᠦ ᠴᠡᠷᠢᠭ ᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ ᠶᠢ ᠬᠡᠷᠡᠭᠵᠢᠭᠦᠯᠵᠦ᠂ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠴᠡᠷᠢᠭ ᠪᠤᠯᠪᠠᠰᠤᠷᠠᠭᠤᠯᠵᠤ ᠲᠡᠶᠢᠨ ᠳᠤ ᠪᠡᠯᠡᠳᠬᠡᠬᠦ ᠶᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠪᠠ ᠬᠢᠯᠢ ᠬᠢᠵᠠᠭᠠᠷ ᠣᠷᠣᠨ ᠤ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠦᠴᠦᠲᠡᠢ ᠬᠠᠮᠠᠭᠠᠯᠠᠪᠠ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠤᠯᠤᠰ ᠢ ᠵᠠᠰᠠᠬᠤ ᠳᠤ ᠡᠷᠬᠡᠪᠰᠢ ᠬᠢᠯᠢ ᠬᠢᠵᠠᠭᠠᠷ ᠢ ᠵᠠᠰᠠᠬᠤ ᠬᠡᠷᠡᠭᠲᠡᠢ᠃ ᠬᠢᠯᠢ ᠶᠢᠨ ᠬᠠᠮᠠᠭᠠᠯᠠᠯᠲᠠ ᠶᠢᠨ ᠠᠵᠢᠯ ᠪᠣᠯ ᠤᠯᠤᠰ ᠢ ᠵᠠᠰᠠᠵᠤ ᠲᠦᠷᠦ ᠶᠢ ᠲᠦᠪᠰᠢᠷᠡᠭᠦᠯᠬᠦ ᠲᠣᠮᠣ ᠶᠠᠪᠤᠳᠠᠯ ᠮᠥᠨ᠂ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠳᠤ ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠪᠠ ᠭᠠᠳᠠᠭᠠᠳᠤ ᠬᠠᠷᠢᠯᠴᠠᠭᠠᠨ ᠤ ᠠᠵᠢᠯ ᠤᠨ ᠪᠦᠭᠦ ᠲᠠᠯ᠎ᠠ ᠳᠤ ᠬᠤᠯᠪᠣᠭᠳᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠤᠯᠪᠣᠭᠳᠠᠵᠤ ᠪᠠᠶᠢᠳᠠᠭ᠃ ᠬᠢᠯᠢ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠨᠠᠮ ᠪᠣᠯᠣᠨ ᠠᠷᠠᠳ ᠲᠦᠮᠡᠨ ᠤ ᠲᠥᠯᠥᠭᠡ ᠬᠢᠯᠢ ᠶᠢ ᠪᠠᠲᠤ  ᠰᠠᠬᠢᠵᠤ ᠬᠠᠮᠠᠭᠠᠯᠠᠯᠲᠠ ᠶᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠴᠡᠷᠢᠭ ᠠᠩᠭᠢ ᠶᠢ ᠪᠠᠶᠢᠭᠤᠯᠬᠤ ᠪᠠ ᠡᠵᠡᠮᠳᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠪᠣᠯᠣᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠶᠢᠨ ᠬᠥᠮᠦᠵᠢᠯ ᠢ ᠴᠢᠩᠭᠠᠳᠬᠠᠵᠤ᠂ ᠴᠡᠷᠢᠭ ᠠᠩᠭᠢ ᠶᠢᠨ ᠠᠷᠢᠭᠤᠨ ᠴᠡᠪᠡᠷ ᠤᠨ ᠪᠠᠬᠢᠵᠢᠯ ᠪᠠ ᠳᠡᠭᠡᠳᠦ ᠬᠡᠮᠵᠢᠶᠡᠨ ᠤ ᠲᠥᠪᠯᠡᠷᠡᠯ ᠨᠢᠭᠡᠳᠦᠯ ᠢ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠶᠢ ᠴᠢᠩᠭᠠᠳᠬᠠᠵᠤ᠂ ᠲᠠᠶᠢᠴᠢᠨ ᠬᠦᠴᠦᠨ ᠤ ᠪᠠᠶᠢᠭᠤᠯᠤᠯᠲᠠ ᠶᠢᠨ ᠵᠣᠬᠢᠴᠠᠬᠤ ᠴᠢᠨᠠᠷ ᠪᠠ ᠪᠣᠳᠠᠲᠠᠢ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢᠴᠢᠯᠠᠭᠰᠠᠨ ᠬᠢᠯᠢ ᠶᠢ ᠬᠠᠮᠠᠭᠠᠯᠠᠵᠤ ᠬᠢᠯᠢ ᠶᠢ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠠᠯᠬᠤᠮ ᠢ ᠲᠦᠷᠭᠡᠳᠬᠡᠵᠦ᠂ ᠬᠢᠯᠢ ᠶᠢᠨ ᠬᠠᠮᠠᠭᠠᠯᠠᠯᠲᠠ ᠶᠢᠨ ᠵᠢᠵᠢᠭᠦᠷᠯᠡᠬᠦ ᠠᠷᠭ᠎ᠠ ᠭᠡᠯᠪᠡᠷᠢ ᠶᠢ ᠬᠤᠪᠢᠷᠠᠭᠤᠯᠵᠤ᠂ ᠬᠢᠯᠢ ᠶᠢ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠬᠠᠤᠯᠢ ᠶᠣᠰᠣᠭᠠᠷ ᠴᠡᠷᠢᠭ ᠢ ᠵᠠᠰᠠᠬᠤ᠂ ᠴᠡᠷᠢᠭ ᠢ ᠴᠢᠩᠭ᠎ᠠ ᠵᠠᠰᠠᠬᠤ ᠶᠢ ᠴᠢᠩᠭ᠎ᠠ ᠠᠳᠬᠤᠵᠤ᠂ ᠴᠡᠷᠢᠭ ᠤᠨ ᠳᠦᠷᠢᠮ ᠲᠣᠭᠲᠠᠭᠠᠯ ᠴᠡᠷᠢᠭ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠡᠷᠢᠭ ᠠᠩᠭᠢ ᠶᠢᠨ ᠬᠥᠮᠦᠵᠢᠯ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠠᠶᠢᠩᠭᠤ ᠶᠢᠨ ᠴᠢᠨᠠᠷᠲᠠᠢ ᠰᠠᠭᠤᠷᠢ ᠴᠢᠨᠠᠷᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠡᠷᠢᠭ ᠠᠩᠭᠢ ᠶᠢᠨ ᠡᠮᠬᠢ ᠳᠢᠭᠯᠢᠮ ᠲᠠᠢ ᠳᠦᠷᠢᠮᠵᠢᠭᠦᠨ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠦᠨ᠎ᠡ ᠹᠷᠣᠨᠲ ᠤᠨ ᠴᠡᠷᠢᠭ ᠳᠠᠭᠠᠭᠤᠯᠬᠤ ᠬᠥᠮᠥᠨ ᠢ ᠬᠥᠮᠥᠵᠢᠭᠦᠯᠬᠦ ᠶᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠲᠤᠰᠬᠠᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠮᠠᠰᠢ ᠵᠦᠳᠡᠷᠡᠯᠲᠡᠢ ᠶᠤᠮ᠂ ᠡᠯ᠎ᠡ ᠱᠠᠲᠤᠨ ᠤ ᠬᠢᠨ ᠳᠠᠷᠤᠭ᠎ᠠ ᠪᠠᠶᠢᠯᠳᠤᠭᠴᠢᠳ ᠤᠨ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠰᠠᠨᠠᠭᠠᠴᠢᠯᠠᠭ᠎ᠠ ᠠᠴᠠ ᠪᠠᠨ ᠳᠡᠷᠭᠡᠳᠡ ᠨᠢ ᠬᠦᠷᠴᠦ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠡᠯ᠎ᠡ ᠲᠠᠯ᠎ᠠ ᠶᠢᠨ ᠪᠠᠲᠤᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ ᠬᠠᠮᠤᠭ ᠤᠨ ᠰᠡᠭᠦᠯ ᠳᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠣᠯ ᠮᠠᠨ ᠤ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠥᠪᠡᠷᠮᠢᠴᠡ ᠳᠠᠪᠠᠭᠤᠯᠢᠭ ᠮᠥᠨ᠃ ᠴᠡᠷᠢᠭ ᠠᠩᠭᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠯᠤᠭ᠎ᠠ ᠣᠯᠣᠯᠴᠠᠭ᠎ᠠ ᠵᠣᠬᠢᠴᠠᠭᠤᠯᠭ᠎ᠠ ᠪᠠᠨ ᠰᠠᠶᠢᠲᠤᠷ ᠬᠢᠵᠦ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠤᠯᠤᠰ ᠤᠨ ᠬᠢᠯᠢ ᠶᠢᠨ ᠬᠠᠮᠠᠭᠠᠯᠠᠯᠲᠠ ᠳᠠᠯᠠᠢ ᠶᠢᠨ ᠰᠡᠷᠭᠡᠶᠢᠯᠡᠯᠲᠡ ᠶᠢᠨ ᠵᠥᠪᠯᠡᠯ ᠪᠣᠯᠣᠨ ᠡᠯ᠎ᠡ ᠱᠠᠲᠤᠨ ᠤ ᠬᠢᠯᠢ ᠶᠢᠨ ᠬᠠᠮᠠᠭᠠᠯᠠᠯᠲᠠ ᠳᠠᠯᠠᠢ ᠶᠢᠨ ᠰᠡᠷᠭᠡᠶᠢᠯᠡᠯᠲᠡ ᠶᠢᠨ ᠵᠥᠪᠯᠡᠯ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

ᠾᠧ ᠸᠧᠢ ᠳ᠋ᠦᠩ ᠨᠠᠷ ᠠᠵᠢᠯᠯᠠᠭ᠎ᠠ ᠳᠤ ᠣᠷᠣᠯᠴᠠᠵᠠᠢ᠃

 

 

 


   :                    
   :           
备案序号:蒙ICP备05003250号 公安备案15010502000173