ᠵᠤᠬᠢᠶᠠᠭᠴᠢ:
ᠴᠠᠭ:2023-06-16
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠥᠵᠢᠯ ᠤᠨ ᠮᠤᠵᠢ ᠶᠢᠨ ᠳᠡᠰ ᠤᠨ ᠤᠳᠤᠷᠢᠳᠬᠤ ᠨᠥᠬᠦᠳ ᠤᠨ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠵᠦ ᠴᠧ ᠵᠢᠶᠦ᠋ᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
2023 ᠣᠨ ᠤ 6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ《ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ》ᠭᠡᠬᠦ ᠭᠤᠣᠯ ᠰᠡᠳᠦᠪ ᠤᠨ ᠲᠣᠭᠤᠷᠢᠨ ᠳᠤ᠂ ᠭᠤᠣᠯ ᠰᠡᠳᠦᠪᠲᠦ ᠬᠥᠮᠥᠵᠢᠯ ᠤᠨ ᠮᠤᠵᠢ ᠶᠢᠨ ᠳᠡᠰ ᠤᠨ ᠤᠳᠤᠷᠢᠳᠬᠤ ᠨᠥᠬᠦᠳ ᠤᠨ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠬᠤᠷᠠᠯ ᠢ ᠡᠷᠬᠢᠯᠡᠵᠦ᠂ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ ᠰᠠᠨ ᠵᠢᠴᠢ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠨᠠᠷ ᠣᠷᠣᠯᠴᠠᠵᠠᠢ᠃
ᠬᠤᠷᠠᠯ ᠳᠡᠭᠡᠷ᠎ᠡ᠂ ᠶᠠᠩ ᠸᠧᠢ ᠳ᠋ᠦᠩ᠂ ᠴᠢ᠊ ᠪᠠᠲᠤ᠂ ᠪᠣᠣ ᠰᠢᠶᠠᠨ ᠬᠤᠸᠠ᠂ ᠵᠧᠩ ᠭᠤᠸᠠᠩ ᠵᠤᠤ᠂ ᠶᠣᠣ ᠶᠦᠩ ᠪᠥᠸᠧ᠂ ᠵᠠᠩ ᠯᠧᠢ ᠭᠤᠣᠯ ᠰᠡᠳᠦᠪ ᠢ ᠴᠢᠩᠭ᠎ᠠ ᠡᠵᠡᠮᠳᠡᠵᠦ᠂ ᠣᠶᠢᠷ᠎ᠠ ᠶᠢᠨ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠢᠶᠠᠨ ᠦᠷ᠎ᠡ ᠪᠦᠲᠦᠭᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠯᠢ ᠪᠢᠩ ᠷᠥᠩ᠂ ᠡᠦ ᠶᠠᠨ ᠭᠠᠩ᠂ ᠯᠦᠸᠧ ᡁᠢ ᠬᠤ᠋᠂ ᠠᠨ ᠷᠦᠨ ᠱᠧᠩ ᠪᠢᠴᠢᠭ ᠤᠨ ᠬᠡᠯᠪᠡᠷᠢ ᠶᠢᠨ ᠰᠣᠯᠢᠯᠴᠠᠭᠠᠨ ᠤ ᠮᠠᠲ᠋ᠧᠷᠢᠶᠠᠯ ᠢᠶᠠᠨ ᠳᠡᠪᠰᠢᠭᠦᠯᠪᠡ᠃ ᠰᠦᠨ ᠱᠣᠣ ᠴᠧᠩ ᠡᠮᠦᠨ᠎ᠡ ᠬᠡᠰᠡᠭ ᠬᠤᠭᠤᠴᠠᠭᠠᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ ᠤᠨ ᠰᠡᠳᠦᠪ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠭᠰᠡᠨ ᠠᠵᠢᠯ ᠤᠨ ᠲᠤᠬᠠᠢ ᠪᠠᠭ᠎ᠠ ᠳ᠋ᠦᠩᠨᠡᠯᠲᠡ ᠬᠢᠵᠦ᠂ ᠦᠷ᠎ᠡ ᠪᠦᠲᠦᠭᠡᠯ ᠢ ᠨᠤᠲᠠᠯᠠᠭᠰᠠᠨ ᠪᠥᠭᠡᠳ ᠴᠢᠷᠮᠠᠶᠢᠬᠤ ᠴᠢᠭᠯᠡᠯ ᠢ ᠵᠢᠭᠠᠵᠤ᠂ ᠥᠪᠡᠷ ᠤᠨ ᠪᠠᠶᠢᠴᠠᠭᠠᠨ ᠰᠤᠳᠤᠯᠤᠯᠲᠠ ᠶᠢᠨ ᠰᠣᠩᠭᠤᠭᠰᠠᠨ ᠰᠡᠳᠦᠪ ᠪᠠ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠭᠤᠷᠢᠨ ᠳᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠪᠣᠳᠣᠯᠬᠢᠯᠠᠯ ᠪᠠ ᠪᠣᠳᠣᠯ ᠢᠶᠠᠨ ᠶᠠᠷᠢᠪᠠ᠃
ᠰᠠᠨᠠᠯ ᠢᠶᠠᠨ ᠰᠣᠯᠢᠯᠴᠠᠵᠤ ᠦᠭᠡ ᠶᠠᠷᠢᠭᠰᠠᠨ ᠤ ᠳᠠᠷᠠᠭ᠎ᠠ᠂ ᠰᠦᠨ ᠱᠣᠣ ᠴᠧᠩ᠂ ᠣᠳᠣᠬᠠᠨ ᠳᠤ ᠮᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠮᠥᠨ ᠯᠡ ᠠᠩᠬᠠᠨ ᠤ ᠶᠠᠪᠤᠴᠠ ᠳᠤ ᠪᠣᠢ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠶᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠨᠥᠬᠦᠳ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ ᠬᠥᠲᠥᠯᠥᠨ ᠳᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠰᠡᠳᠭᠢᠯ ᠲᠠᠯᠪᠢᠨ ᠠᠩᠬᠠᠷᠴᠤ ᠪᠠᠶᠢᠭ᠎ᠠ 《ᠲᠠᠪᠤᠨ ᠶᠡᠭᠡ ᠡᠭᠦᠷᠭᠡ》᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ 《ᠤᠮᠠᠷᠠᠲᠤ ᠶᠢᠨ ᠭᠤᠷᠪᠠᠨ ᠣᠷᠣᠨ》ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠴᠢᠬᠤᠯᠠ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠠᠵᠢᠯ ᠣᠯᠭᠤᠯᠲᠠ ᠨᠠᠰᠤᠵᠢᠯ ᠤᠨ ᠠᠰᠠᠷᠠᠮᠵᠢ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠣᠨᠢᠨ ᠳᠡᠭᠡᠷ᠎ᠡ ᠨᠢ ᠰᠡᠳᠦᠪ ᠰᠣᠩᠭᠤᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠲᠦᠭᠵᠢᠷᠡᠯ ᠴᠡᠭ ᠬᠤᠷᠢᠭ᠎ᠠ ᠴᠡᠭ ᠢ ᠣᠨᠣᠪᠴᠢᠲᠠᠢ ᠡᠷᠢᠵᠦ᠂ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠬᠠᠶᠢᠨ ᠰᠦᠪᠡᠭᠴᠢᠯᠡᠬᠦ ᠬᠡᠷᠡᠭᠲᠡᠢ᠃ 《ᠬᠢᠭᠰᠡᠨ ᠬᠤᠷᠠᠯ ᠢᠶᠠᠨ ᠪᠢ ᠠ᠂ ᠬᠢᠭᠰᠡᠨ ᠴᠣᠬᠤᠯᠠᠪᠤᠷᠢ ᠪᠠᠨ ᠪᠢ ᠨᠠᠶᠢᠳᠠᠪᠤᠷᠢᠵᠢᠭᠤᠯᠤᠨ᠎ᠠ᠂ ᠲᠣᠭᠲᠠᠭᠠᠭᠰᠠᠨ ᠲᠥᠷᠥ ᠶᠢᠨ ᠪᠣᠳᠣᠯᠭ᠎ᠠ ᠪᠠᠨ ᠪᠢ ᠭᠦᠢᠴᠡᠳᠬᠡᠬᠦ》 ᠲᠠᠢ ᠠᠳᠠᠯᠢ ᠪᠠᠷ᠂ 《ᠬᠢᠭᠰᠡᠨ ᠪᠠᠶᠢᠴᠠᠭᠠᠨ ᠰᠤᠳᠤᠯᠤᠯᠲᠠ ᠪᠠᠨ ᠪᠢ ᠠᠬᠢᠭᠤᠯᠬᠤ》 ᠶᠢ ᠪᠡᠶᠡᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ᠂ ᠳᠤᠷᠠᠳᠤᠭᠰᠠᠨ ᠠᠵᠢᠯ ᠤᠨ ᠰᠡᠳᠬᠢᠴᠡ ᠪᠠ ᠰᠠᠨᠠᠭᠤᠯᠭ᠎ᠠ ᠪᠥᠬᠦᠨ ᠢ ᠡᠬᠢᠨ ᠠᠴᠠ ᠨᠢ ᠠᠳᠠᠭ ᠲᠤᠨᠢ ᠲᠤᠯᠲᠠᠯ᠎ᠠ ᠠᠩᠬᠠᠷᠴᠤ᠂ ᠪᠤᠰᠤᠳ ᠬᠤᠪᠢᠳᠠᠨ ᠬᠠᠮᠢᠶᠠᠷᠴᠤ ᠪᠠᠶᠢᠭ᠎ᠠ ᠮᠤᠵᠢ ᠶᠢᠨ ᠳᠡᠰ ᠤᠨ ᠤᠳᠤᠷᠢᠳᠬᠤ ᠨᠥᠬᠦᠳ ᠴᠦ ᠰᠠᠨᠠᠭᠠᠴᠢᠯᠠᠭ᠎ᠠ ᠠᠴᠠ ᠪᠠᠨ ᠭᠠᠷᠳᠠᠵᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃
ᠰᠦᠨ ᠱᠣᠣ ᠴᠧᠩ᠂ ᠣᠶᠢᠷ᠎ᠠ ᠳᠤ ᠮᠤᠵᠢ ᠶᠢᠨ ᠳᠡᠰ ᠤᠨ ᠤᠳᠤᠷᠢᠳᠬᠤ ᠨᠥᠬᠦᠳ ᠪᠣᠯᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠨᠢ ᠨᠡᠯᠢᠶᠡᠳ ᠲᠥᠪᠯᠡᠷᠡᠩᠭᠦᠢ ᠪᠠᠶᠢᠨ᠎ᠠ᠂ ᠣᠯᠠᠨ ᠢᠶᠠᠷ ᠢᠶᠠᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠳᠡᠭᠡᠨ ᠵᠠᠪᠠᠯ ᠬᠥᠮᠥᠨ ᠴᠥᠭᠡᠨ ᠬᠥᠰᠬᠡ ᠬᠥᠩᠭᠡᠨ ᠪᠠᠶᠢᠵᠤ᠂ ᠦᠨᠳᠦᠰᠦᠨ ᠱᠠᠲᠤᠨ ᠤ ᠬᠡᠪ ᠤᠨ ᠠᠵᠢᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠥᠵᠢᠯ ᠤᠨ ᠠᠯᠪᠠᠨ ᠭᠡᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠣᠪᠤᠭᠠᠷᠠᠯᠳᠤᠵᠤ ᠪᠠᠶᠢᠴᠠᠭᠠᠨ ᠰᠤᠳᠤᠯᠤᠯᠲᠠ ᠬᠢᠬᠦ᠂ ᠣᠯᠠᠨ ᠭᠠᠵᠠᠷ ᠠᠴᠠ ᠪᠠᠶᠢᠴᠠᠭᠠᠨ ᠰᠤᠳᠤᠯᠤᠯᠲᠠ ᠬᠢᠬᠦ ᠶᠢ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠥᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃