ᠵᠤᠬᠢᠶᠠᠭᠴᠢ: ᠴᠠᠭ:2023-06-16 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ  ᠰᠦᠨ ᠱᠣᠣ ᠴᠧᠩ ᠬᠤᠷᠠᠯ ᠢ ᠡᠷᠬᠢᠯᠡᠪᠡ

 

2023 ᠣᠨ ᠤ 6  ᠰᠠᠷ᠎ᠠ ᠶᠢᠨ 12 ᠤᠨ  ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠣᠨ ᠬᠠᠷᠢᠭᠤ ᠵᠠᠬᠢᠳᠠᠯ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠨᠠᠶᠢᠳᠠᠪᠤᠷᠢᠵᠢᠭᠤᠯᠬᠤ ᠠᠵᠢᠯ ᠢ ᠰᠣᠳᠣᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠬᠤᠷᠠᠯ ᠢ ᠡᠷᠬᠢᠯᠡᠵᠡᠢ᠃

ᠬᠤᠷᠠᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠣᠯᠣᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠂ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠬᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠰᠢᠢᠳᠪᠦᠷᠢᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠠᠶᠤᠯ ᠲᠥᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃   ᠦᠢᠯᠡᠳᠪᠦᠷᠢᠯᠡᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠢ᠂ ᠬᠢᠮᠢ ᠶᠢᠨ ᠦᠢᠯᠡᠳᠪᠦᠷᠢ᠂ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ ᠵᠡᠷᠭᠡ ᠶᠢ ᠴᠢᠩᠭ᠎ᠠ ᠠᠩᠬᠠᠷᠴᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠢ ᠰᠡᠷᠭᠡᠶᠢᠯᠡᠨ ᠠᠷᠢᠯᠭᠠᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠭᠡᠷ ᠭᠠᠵᠠᠷ ᠤᠨ ᠬᠥᠷᠥᠩᠭᠡ᠂ ᠮᠥᠩᠭᠦᠨ ᠭᠦᠢᠯᠭᠡᠭᠡ᠂ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ᠵᠥᠷᠢᠴᠡᠯ   ᠢ ᠦᠨᠳᠦᠰᠦᠨ ᠱᠠᠲᠤᠨ ᠳᠤ ᠰᠢᠢᠳᠪᠦᠷᠢᠯᠡᠨ ᠠᠷᠢᠯᠭᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠲᠤᠰ ᠲᠤᠰ ᠤᠨ ᠡᠭᠦᠷᠭᠡ ᠤᠯᠤᠰ ᠤᠨ ᠠᠮᠤᠷ ᠲᠦᠪᠰᠢᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠭᠢᠯᠡᠭᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠵᠢᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠵᠠᠪᠠᠯ ᠰᠤᠷᠬᠤ ᠬᠢᠴᠢᠶᠡᠯ ᠢ ᠰᠠᠶᠢᠲᠤᠷ ᠥᠷᠨᠢᠭᠦᠯᠬᠦ ᠶᠢ ᠰᠠᠶᠢᠲᠤᠷ ᠬᠢᠵᠦ᠂ ᠪᠦᠲᠦᠮᠵᠢᠲᠡᠶ ᠠᠷᠭ᠎ᠠ ᠭᠡᠯᠪᠡᠷᠢ ᠪᠠᠷ ᠳᠠᠮᠵᠢᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠨ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ ᠰᠡᠳᠬᠢᠬᠦᠢ ᠪᠠᠷ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠭᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠶᠡᠭᠡ ᠪᠠᠷ ᠠᠬᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠬᠤᠲᠠ ᠬᠥᠳᠡᠭᠡ ᠶᠢᠨ ᠬᠤᠭᠤᠷᠣᠨᠳᠣᠭᠢ᠂ ᠣᠷᠣᠨ ᠪᠦᠰᠡ ᠶᠢᠨ ᠬᠤᠭᠤᠷᠣᠨᠳᠣᠭᠢ᠂ ᠰᠤᠷᠭᠠᠭᠤᠯᠢ ᠶᠢᠨ ᠬᠤᠭᠤᠷᠣᠨᠳᠣᠭᠢ ᠰᠤᠷᠭᠠᠨ ᠬᠥᠮᠦᠵᠢᠯ ᠤᠨ ᠲᠦᠪᠰᠢᠨ ᠤ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠣᠯᠭᠤᠯᠲᠠ ᠶᠢᠨ ᠤᠳᠤᠷᠢᠳᠤᠮᠵᠢ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠨᠠᠩ ᠣᠯᠠᠨ ᠥᠨᠳᠥᠷ ᠬᠡᠪ ᠪᠣᠯᠪᠠᠰᠤᠷᠠᠯ ᠲᠠᠢ᠂ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠢᠬᠤᠯᠠ ᠶᠠᠷᠢᠶ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠪᠠᠶᠠᠯᠢᠭ ᠠᠭᠤᠯᠤᠭᠳᠠᠬᠤᠨ ᠢᠯᠠᠩᠭᠤᠶ᠎ᠠ ᠳᠤᠮᠳᠠᠳᠤ ᠶᠢᠨ ᠪᠣᠯᠪᠠᠰᠤᠨ ᠤ 《ᠲᠠᠪᠤᠨ ᠥᠪᠡᠷᠮᠢᠴᠡ ᠰᠢᠨᠵᠢ》《ᠬᠤᠶᠠᠳᠤᠭᠠᠷ ᠤᠶᠠᠯᠳᠤᠭᠤᠯᠬᠤ》 ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠨ ᠡᠵᠡᠮᠰᠢᠵᠦ᠂ ᠡᠨᠡ ᠬᠦ ᠴᠢᠬᠤᠯᠠ ᠶᠠᠷᠢᠶ᠎ᠠ ᠶᠢ ᠰᠤᠷᠤᠯᠴᠠᠬᠤ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠥᠷᠥ ᠶᠢᠨ ᠦᠨᠡᠨᠴᠢ ᠰᠢᠳᠤᠷᠭᠤ᠂ ᠰᠣᠶᠣᠯ ᠤᠨ ᠢᠲᠡᠭᠡᠯ᠂ ᠬᠠᠷᠢᠭᠤᠴᠠᠯᠭ᠎ᠠ ᠡᠭᠦᠷᠭᠡᠯᠡᠯ ᠲᠠᠢ ᠪᠤᠯᠭᠠᠬᠤ ᠬᠡᠷᠡᠭᠲᠡᠢ᠃ ᠬᠤᠪᠢᠰᠬᠠᠯᠲᠤ ᠰᠣᠶᠣᠯ ᠤᠨ ᠦᠯᠡᠳᠡᠭᠳᠡᠯ ᠪᠣᠯᠣᠨ ᠲᠡᠦᠬᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠨ ᠠᠭᠤᠳᠠᠯᠬᠤ ᠲᠠᠯ᠎ᠠ ᠪᠠᠷ ᠬᠦᠴᠦ ᠣᠷᠣᠭᠤᠯᠵᠤ᠂ ᠨᠠᠮ ᠤᠨ ᠥᠪᠥᠷ ᠮᠣᠩᠭᠤᠯ ᠳᠠᠬᠢ ᠲᠡᠦᠬᠡ ᠶᠢ ᠠᠮᠢᠳᠤᠯᠢᠭ ᠰᠠᠶᠢᠬᠠᠨ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠡᠨᠡᠷᠢᠯ ᠳᠤ ᠨᠡᠩ ᠦᠨᠡᠨ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠠᠶᠢᠭᠤᠯᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ᠂ 《ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ》  ᠶᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠪᠦᠬᠦ ᠣᠷᠣᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢᠶᠠᠨ ᠬᠥᠪᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠪᠧᠩᠭᠠᠯ ᠤᠯᠤᠰ ᠤᠨ ᠬᠡᠦᠬᠡᠳ ᠠᠯᠢᠹᠠ·ᠴᠢᠨ ᠳᠤ ᠥᠭᠭᠦᠭᠰᠡᠨ ᠬᠠᠷᠢᠭᠤ ᠵᠠᠬᠢᠳᠠᠯ᠂ ᠠᠩᠬᠠᠳᠤᠭᠠᠷ ᠬᠤᠭᠤᠴᠠᠭᠠᠨ ᠤ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠭᠠᠳᠤ ᠳᠤ ᠰᠤᠷᠤᠯᠴᠠᠬᠤ ᠰᠤᠷᠤᠬᠴᠢ ᠶᠢ ᠬᠥᠮᠥᠵᠢᠭᠦᠯᠬᠦ᠂ ᠰᠣᠶᠣᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  

 

 

 


   :                    
   :           
备案序号:蒙ICP备05003250号 公安备案15010502000173