ᠵᠤᠬᠢᠶᠠᠭᠴᠢ: ᠴᠠᠭ:2023-06-30 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠰᠢᠨ᠎ᠡ ᠽᠢᠯᠠᠨᠳ᠋ ᠤᠨ ᠶᠡᠷᠦᠩᠬᠡᠢ ᠰᠠᠶᠢᠳ ᠰᠢᠫᠦ᠋ᠵᠢᠨᠰ ᠲᠠᠢ ᠠᠭᠤᠯᠵᠠᠪᠠ

 

2023 ᠣᠨ ᠤ 6  ᠰᠠᠷ᠎ᠠ ᠶᠢᠨ 27 ᠤ  ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠢᠨ᠎ᠡ ᠽᠢᠯᠠᠨᠳ᠋ ᠤᠨ ᠶᠡᠷᠦᠩᠬᠡᠢ ᠰᠠᠶᠢᠳ ᠰᠢᠫᠦ᠋ᠵᠢᠨᠰ ᠲᠠᠢ ᠠᠭᠤᠯᠵᠠᠪᠠ᠃

ᠰᠢ ᠶᠢᠨ ᠫᠢᠩ᠂ ᠶᠡᠷᠦᠩᠬᠡᠢ ᠰᠠᠶᠢᠳ ᠠᠪᠤᠭᠠᠢ ᠲᠤᠰᠢᠶᠠᠯ ᠳᠤ ᠭᠠᠷᠤᠭᠰᠠᠨ ᠤ ᠲᠠᠷᠠᠭ᠎ᠠ ᠳᠤᠮᠳᠠᠳᠤ ᠰᠢᠨ᠎ᠡ ᠽᠢᠯᠠᠨᠳ᠋ ᠤᠨ ᠬᠠᠷᠢᠯᠴᠠᠭ᠎ᠠ ᠶᠢ ᠴᠢᠬᠤᠯᠠᠴᠢᠯᠠᠨ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠨ᠎ᠠ ᠭᠡᠵᠦ ᠤᠯᠠᠨ ᠤᠳᠠᠭ᠎ᠠ ᠢᠯᠡᠳᠬᠡᠵᠦ ᠥᠩᠭᠡᠷᠡᠪᠡ᠂ ᠪᠢ ᠡᠭᠦᠨ ᠢ ᠮᠠᠰᠢ ᠮᠠᠭᠲᠠᠨ ᠰᠠᠶᠢᠰᠢᠶᠠᠵᠤ ᠪᠠᠶᠢᠨ᠎ᠠ᠃ ᠪᠢ ᠳᠤᠮᠳᠠᠳᠤ ᠤᠯᠤᠰ ᠪᠣᠯᠣᠨ ᠰᠢᠨ᠎ᠡ ᠽᠢᠯᠠᠨᠳ᠋ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ 2014 ᠣᠨ ᠳᠤ᠂ ᠪᠢ ᠰᠢᠨ᠎ᠡ ᠽᠢᠯᠠᠨᠳ᠋ ᠲᠤ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠪᠡ᠃ ᠣᠶᠢᠷ᠎ᠠ ᠶᠢᠨ 10 ᠵᠢᠯ ᠤᠨ ᠲᠤᠷᠰᠢ᠂ ᠳᠤᠮᠳᠠᠳᠤ ᠰᠢᠨ᠎ᠡ ᠽᠢᠯᠠᠨᠳ᠋ ᠤᠨ ᠬᠠᠷᠢᠯᠴᠠᠭ᠎ᠠ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠭᠰᠡᠨ ᠪᠥᠭᠡᠳ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠠᠰᠢᠭ ᠬᠦᠷᠲᠡᠭᠡᠪᠡ᠃ ᠳᠤᠮᠳᠠᠳᠤ ᠤᠯᠤᠰ ᠰᠢᠨ᠎ᠡ ᠽᠢᠯᠠᠨᠳ᠋ ᠢ ᠢᠮᠠᠭᠲᠠ ᠨᠠᠶᠢᠵᠠ ᠪᠠ ᠬᠠᠨᠢᠲᠠᠨ ᠢᠶᠠᠨ ᠪᠤᠯᠭᠠᠵᠤ᠂ ᠳᠤᠷᠠᠲᠠᠶ᠎ᠠ ᠰᠢᠨ᠎ᠡ ᠽᠢᠯᠠᠨᠳ᠋ ᠤᠨ ᠬᠢᠨ ᠲᠠᠢ ᠬᠠᠮᠲᠤ ᠪᠠᠷ ᠴᠢᠷᠮᠠᠶᠢᠵᠤ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ 50 ᠵᠢᠯ ᠢ ᠡᠬᠢᠯᠡᠭᠦᠯᠵᠦ᠂ ᠳᠤᠮᠳᠠᠳᠤ ᠰᠢᠨ᠎ᠡ ᠽᠢᠯᠠᠨᠳ᠋ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠤᠷᠲᠤ ᠤᠳᠠᠭᠠᠨ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠣᠳᠣᠬᠠᠨ ᠤ ᠳᠤᠮᠳᠠᠳᠤ ᠤᠯᠤᠰ ᠤᠨ ᠭᠤᠣᠯ ᠡᠭᠦᠷᠭᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠣᠯ ᠲᠡᠷᠢᠭᠦᠨ ᠴᠢᠬᠤᠯᠠ ᠡᠭᠦᠷᠭᠡ ᠮᠥᠨ᠂ ᠪᠦᠭᠦ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠪᠣᠯ ᠮᠥᠨ ᠴᠢᠨᠠᠷ ᠤᠨ ᠱᠠᠭᠠᠷᠳᠠᠯᠭ᠎ᠠ ᠮᠥᠨ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠪᠣᠯ ᠴᠢᠬᠤᠯᠠ ᠬᠠᠷᠠᠯᠲᠠ ᠮᠥᠨ᠃ ᠡᠨᠡ ᠪᠣᠯ ᠤᠷᠢᠳ ᠡᠮᠦᠨ᠎ᠡ ᠪᠠᠶᠢᠭ᠎ᠠ ᠦᠭᠡᠢ ᠵᠠᠮ ᠮᠥᠨ᠂ ᠭᠡᠪᠡᠴᠦ ᠪᠢᠳᠡ ᠦᠷᠭᠦᠯᠵᠢᠯᠡᠨ ᠰᠦᠪᠡᠭᠴᠢᠯᠡᠵᠦ᠂ ᠭᠠᠪᠰᠢᠭᠠᠶᠢᠯᠠᠨ ᠤᠷᠤᠭᠰᠢᠯᠠᠨ᠎ᠠ᠃ ᠳᠤᠮᠳᠠᠳᠤ ᠤᠯᠤᠰ ᠡᠶᠢᠮᠦ ᠶᠡᠭᠡ ᠤᠯᠤᠰ᠂ ᠬᠥᠮᠥᠨ ᠠᠮᠠ ᠡᠶᠢᠮᠦ ᠤᠯᠠᠨ ᠪᠣᠯᠬᠤᠷ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠯᠡ ᠲᠠᠯᠪᠢᠬᠤ ᠬᠡᠷᠡᠭᠲᠡᠢ᠃ ᠪᠢᠳᠡ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠴᠢᠬᠤᠯᠠᠴᠢᠯᠠᠵᠤ ᠪᠠᠶᠢᠭ᠎ᠠ ᠨᠢ ᠡᠭᠦᠳᠡ ᠪᠠᠨ ᠬᠠᠭᠠᠵᠤ ᠤᠯᠤᠰ ᠢᠶᠠᠨ ᠲᠦᠭᠵᠢᠬᠦ ᠶᠠᠪᠤᠳᠠᠯ ᠤᠬᠳᠤ ᠪᠢᠰᠢ᠂ ᠬᠠᠷᠢᠨ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠬᠤ ᠶᠠᠪᠤᠳᠠᠯ ᠪᠣᠯᠣᠨ᠎ᠠ᠃ ᠭᠠᠭᠴᠠ ᠬᠦ ᠨᠡᠭᠡᠭᠡᠯᠲᠡ ᠲᠠᠢ ᠳᠤᠮᠳᠠᠳᠤ ᠤᠯᠤᠰ  ᠣᠳᠣᠬᠢᠴᠢᠯᠠᠭᠰᠠᠨ ᠳᠤᠮᠳᠠᠳᠤ ᠤᠯᠤᠰ ᠪᠣᠯᠵᠤ ᠴᠢᠳᠠᠨ᠎ᠠ᠃ ᠬᠥᠭᠵᠢᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠪᠢᠳᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠶᠡᠭᠡ ᠪᠠᠷ ᠠᠬᠢᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ ᠨᠡᠩ ᠰᠠᠶᠢᠲᠤᠷ ᠬᠠᠮᠠᠭᠠᠯᠠᠨ᠎ᠠ ᠭᠡᠵᠦ ᠴᠢᠬᠤᠯᠠᠴᠢᠯᠠᠵᠠᠢ᠃

ᠰᠢ ᠶᠢᠨ ᠫᠢᠩ᠂ ᠳᠤᠮᠳᠠᠳᠤ ᠰᠢᠨ᠎ᠡ ᠽᠢᠯᠠᠨᠳ᠋ ᠤᠨ ᠬᠠᠷᠢᠯᠴᠠᠭ᠎ᠠ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠪᠣᠯᠣᠨ ᠬᠥᠭᠵᠢᠭᠰᠡᠨ ᠤᠯᠤᠰ ᠯᠤᠭ᠎ᠠ ᠶᠢᠨ ᠬᠠᠷᠢᠯᠴᠠᠭ᠎ᠠ ᠶᠢ《ᠬᠥᠲᠥᠯᠥᠨ ᠤᠷᠤᠭᠰᠢᠯᠠᠪᠠ》᠃ ᠬᠤᠶᠠᠷ ᠲᠠᠯ᠎ᠠ ᠪᠠᠷ ᠢᠶᠠᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠰᠢᠨ᠎ᠡ ᠽᠢᠯᠠᠨᠳ᠋ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠦᠶ᠎ᠡ᠃ ᠦᠷᠭᠦᠯᠵᠢᠯᠡᠨ ᠨᠦᠭᠦᠭᠡ ᠲᠠᠯ᠎ᠠ ᠪᠠᠨ ᠬᠠᠨᠢᠲᠠᠨ ᠢᠶᠠᠷ ᠦᠵᠡᠬᠦ ᠠᠴᠠ ᠪᠢᠰᠢ ᠡᠰᠡᠷᠭᠦᠴᠡᠯᠳᠦᠬᠦ ᠡᠲᠡᠭᠡᠳ ᠢᠶᠠᠷ ᠦᠵᠡᠬᠦ ᠦᠭᠡᠢ᠂ ᠠᠵᠠ ᠲᠣᠭᠢᠶᠠᠯ ᠢᠶᠠᠷ ᠦᠵᠡᠬᠦ ᠠᠴᠠ ᠪᠢᠰᠢ ᠰᠦᠷᠳᠡᠭᠦᠯᠦᠯ ᠢᠶᠠᠷ ᠦᠵᠡᠬᠦ ᠦᠭᠡᠢ ᠪᠠᠶᠢᠵᠤ᠂ ᠳᠤᠮᠳᠠᠳᠤ ᠰᠢᠨ᠎ᠡ ᠽᠢᠯᠠᠨᠳ᠋ ᠤᠨ ᠬᠠᠷᠢᠯᠴᠠᠭ᠎ᠠ ᠶᠢᠨ ᠬᠥᠭᠵᠢᠯᠲᠡ ᠶᠢᠨ ᠰᠠᠭᠤᠷᠢ ᠶᠢ ᠰᠠᠶᠢᠲᠤᠷ ᠪᠠᠬᠢᠵᠢᠭᠦᠯᠦᠶ᠎ᠡ᠃ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠡᠶ᠎ᠡ ᠨᠠᠶᠢᠷ ᠲᠠᠢ ᠪᠠᠷ ᠬᠠᠮᠲᠤ ᠣᠷᠣᠰᠢᠵᠤ ᠵᠥᠷᠢᠶ᠎ᠡ ᠪᠠᠨ ᠦᠯᠡᠳᠡᠭᠡᠨ᠂ ᠳᠤᠮᠳᠠᠳᠤ ᠰᠢᠨ᠎ᠡ ᠽᠢᠯᠠᠨᠳ᠋ ᠤᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠲᠡᠰ ᠳᠡᠪᠰᠢᠭᠰᠡᠨ ᠬᠡᠪ ᠪᠣᠯᠣᠨ 《ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ》 ᠢ ᠰᠠᠶᠢᠲᠤᠷ ᠬᠡᠷᠡᠭᠵᠢᠭᠦᠯᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠳᠦᠭᠦᠮ ᠳᠥᠲᠡ ᠪᠤᠯᠭᠠᠬᠤ ᠶᠢ ᠠᠬᠢᠭᠤᠯᠵᠤ᠂ ᠨᠦᠭᠦᠭᠡ ᠲᠠᠯ᠎ᠠ ᠶᠢᠨ ᠠᠵᠤ ᠠᠬᠤᠶᠢᠯᠠᠯ ᠤᠨ ᠲᠤᠰ ᠤᠯᠤᠰ ᠲᠤ ᠪᠡᠯᠡ ᠣᠷᠣᠭᠤᠯᠤᠨ ᠡᠵᠡᠩᠨᠡᠬᠦ ᠳᠤ ᠨᠡᠩ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠶ᠎ᠠ᠃ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠣᠷᠣᠨ ᠨᠤᠲᠤᠭ᠂ ᠠᠷᠠᠳ ᠤᠨ ᠬᠤᠭᠤᠷᠤᠨᠳᠤᠭᠢ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ  ᠴᠢᠩᠭᠠᠳᠬᠠᠵᠤ᠂  ᠰᠢᠨ᠎ᠡ ᠴᠠᠭ ᠦᠶ᠎ᠡ ᠶᠢᠨ 《ᠯᠦᠶ᠋ᠢ ᠠᠶᠢᠯᠢ》 ᠶᠢ ᠨᠡᠩ ᠤᠯᠠᠨ ᠬᠥᠮᠥᠵᠢᠭᠦᠯᠵᠦ᠂ ᠳᠤᠮᠳᠠᠳᠤ ᠰᠢᠨ᠎ᠡ ᠽᠢᠯᠠᠨᠳ᠋ ᠤᠨ ᠨᠥᠬᠦᠷᠯᠡᠯ ᠤᠨ ᠮᠣᠳᠣᠨ ᠤ ᠨᠠᠪᠴᠢ ᠨᠠᠮᠠᠭ᠎ᠠ ᠶᠢ ᠨᠡᠩ ᠢᠭᠴᠤ ᠰᠠᠬᠤᠯᠢᠭ ᠪᠣᠯᠭᠠᠶ᠎ᠠ᠃ ᠵᠢᠩᠬᠢᠨᠢ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠰᠢᠰᠲ᠋ᠧᠮ ᠢ ᠬᠠᠮᠲᠤ ᠪᠠᠷ ᠰᠠᠨᠠᠭᠠᠴᠢᠯᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠶ᠎ᠠ ᠃ ᠬᠤᠶᠠᠷ ᠲᠠᠯ᠎ᠠ ᠪᠠᠷ ᠢᠶᠠᠨ ᠪᠠᠰᠠ ᠣᠯᠣᠯᠴᠠᠭ᠎ᠠ ᠪᠠᠨ ᠪᠠᠲᠤᠯᠠᠵᠤ᠂ ᠬᠠᠮᠲᠤ ᠪᠠᠷ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠬᠥᠭᠵᠢᠯᠲᠡ ᠶᠢ ᠬᠠᠪᠰᠤᠷᠴᠤ ᠪᠣᠯᠣᠨ᠎ᠠ ᠭᠡᠵᠦ ᠵᠢᠭᠠᠵᠤ ᠭᠠᠷᠭᠠᠵᠠᠢ᠃

ᠰᠢᠫᠦ᠋ᠵᠢᠨᠰ᠂ ᠨᠢᠳᠤᠨᠤᠨ ᠰᠢᠨ᠎ᠡ ᠽᠢᠯᠠᠨᠳ᠋ ᠳᠤᠮᠳᠠᠳᠤ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠬᠠᠮᠲᠤ ᠪᠠᠷ ᠪᠡᠯᠭᠡᠯᠡᠪᠡ᠂ ᠡᠨᠡ ᠪᠣᠯ ᠬᠤᠶᠠᠷ ᠤᠯᠤᠰ ᠤᠨ ᠬᠠᠷᠢᠯᠴᠠᠭ᠎ᠠ ᠳᠠᠬᠢ ᠴᠢᠬᠤᠯᠠ ᠬᠥᠰᠢᠶ᠎ᠡ ᠲᠡᠮᠳᠡᠭ ᠪᠣᠯᠣᠨ᠎ᠠ᠃ ᠰᠢᠨ᠎ᠡ ᠽᠢᠯᠠᠨᠳ᠋ ᠳᠤᠮᠳᠠᠳᠤ ᠶᠢᠨ ᠠᠷᠠᠳ ᠲᠦᠮᠡᠨ ᠤ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ᠂ ᠰᠢᠨ᠎ᠡ ᠽᠢᠯᠠᠨᠳ᠋ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠭᠦᠨ ᠵᠤᠵᠠᠭᠠᠨ ᠪᠠᠲᠤ ᠰᠠᠭᠤᠷᠢ ᠲᠠᠢ ᠶᠤᠮ᠃ ᠰᠢᠨ᠎ᠡ ᠽᠢᠯᠠᠨᠳ᠋ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠪᠢ ᠡᠨᠡ ᠤᠳᠠᠭ᠎ᠠ ᠮᠤᠨᠳᠠᠭ ᠶᠡᠭᠡ ᠠᠵᠤ ᠠᠬᠤᠢ ᠠᠷᠠᠯᠵᠢᠶᠠᠨ ᠤ ᠲᠥᠯᠥᠭᠡᠯᠡᠭᠴᠢᠳ ᠤᠨ ᠪᠦᠯᠭᠦᠮ ᠢ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠨᠢ ᠳᠠᠷᠤᠢ ᠲᠤᠰ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ ᠨᠡᠩ ᠤᠯᠠᠨ ᠬᠠᠮᠲᠤᠷᠠᠯᠴᠠᠭᠠᠨ ᠤ ᠠᠵᠠ ᠲᠣᠭᠢᠶᠠᠯ ᠢ ᠡᠷᠢᠯᠬᠢᠯᠡᠵᠦ᠂ ᠰᠢᠨ᠎ᠡ ᠽᠢᠯᠠᠨᠳ᠋ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠲᠦᠪᠰᠢᠨ ᠳᠤ ᠬᠦᠷᠬᠦ ᠶᠢ ᠠᠬᠢᠭᠤᠯᠬᠤ ᠶᠢᠨ ᠲᠥᠯᠥᠭᠡ ᠶᠤᠮ᠃ ᠰᠢᠨ᠎ᠡ ᠽᠢᠯᠠᠨᠳ᠋ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠥᠮᠥᠰ ᠤᠨ ᠶᠠᠪᠤᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠳᠡᠰ ᠳᠡᠪᠰᠢᠭᠰᠡᠨ ᠬᠡᠪ ᠢ ᠬᠠᠮᠲᠤ ᠪᠠᠷ ᠰᠠᠶᠢᠲᠤᠷ ᠬᠡᠷᠡᠭᠵᠢᠭᠦᠯᠦᠨ᠎ᠡ᠃ ᠰᠢᠨ᠎ᠡ ᠽᠢᠯᠠᠨᠳ᠋ ᠤᠨ ᠬᠢᠨ ᠤ ᠦᠵᠡᠬᠦ ᠪᠠᠷ᠂ ᠵᠥᠷᠢᠯᠳᠦᠭᠡᠨ ᠢᠶᠠᠷ ᠬᠤᠶᠠᠷ ᠲᠠᠯ᠎ᠠ ᠶᠢᠨ ᠬᠠᠷᠢᠯᠴᠠᠭ᠎ᠠ ᠶᠢ ᠲᠣᠮᠢᠶᠠᠯᠠᠨ ᠲᠣᠭᠲᠠᠭᠠᠵᠤ ᠪᠤᠯᠬᠤ ᠦᠭᠡᠢ᠂ ᠬᠠᠮᠤᠭ ᠤᠨ ᠴᠢᠬᠤᠯᠠ ᠨᠢ ᠦᠨᠡᠨᠴᠢ ᠪᠠᠷ ᠰᠠᠨᠠᠯ ᠢᠶᠠᠨ ᠰᠣᠯᠢᠯᠴᠠᠵᠤ᠂ ᠬᠠᠷᠢᠯᠴᠠᠨ ᠭᠦᠨᠳᠦᠳᠭᠡᠵᠦ᠂ ᠡᠶ᠎ᠡ ᠨᠠᠶᠢᠷ ᠲᠠᠢ ᠪᠠᠷ ᠬᠠᠮᠲᠤ ᠣᠷᠣᠰᠢᠵᠤ ᠵᠥᠷᠢᠶ᠎ᠡ ᠪᠠᠨ ᠦᠯᠡᠳᠡᠭᠡᠬᠦ ᠶᠠᠪᠤᠳᠠᠯ ᠪᠣᠯᠣᠨ᠎ᠠ᠃ ᠰᠢᠨ᠎ᠡ ᠽᠢᠯᠠᠨᠳ᠋ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠠᠷᠠᠯᠲᠤ ᠤᠯᠤᠰ ᠤᠳ ᠤᠨ ᠬᠥᠭᠵᠢᠯᠲᠡ ᠶᠢ ᠬᠠᠪᠰᠤᠷᠬᠤ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠪᠠᠲᠤᠯᠠᠨ᠎ᠠ ᠭᠡᠵᠦ ᠢᠯᠡᠳᠬᠡᠪᠡ᠃

ᠸᠠᠩ ᠢ ᠠᠭᠤᠯᠵᠠᠯᠲᠠ ᠳᠤ ᠣᠷᠣᠯᠴᠠᠵᠠᠢ᠃

 

︵ᠰᠢᠨᠬᠤᠸᠠ ᠬᠤᠷᠢᠶ᠎ᠠ ᠶᠢᠨ ᠪᠡᠭᠡᠵᠢᠩ ᠤᠨ 6  ᠰᠠᠷ᠎ᠠ ᠶᠢᠨ 27 ᠤ  ᠴᠠᠭᠢᠯᠭᠠᠨ ᠮᠡᠳᠡᠭᠡ︶

 

 


   :                    
   :           
备案序号:蒙ICP备05003250号 公安备案15010502000173