ᠵᠤᠬᠢᠶᠠᠭᠴᠢ:
ᠴᠠᠭ:2023-07-07
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ ᠰᠦᠨ ᠱᠤᠤ ᠴᠧᠩ ᠬᠤᠷᠠᠯ ᠢ ᠡᠷᠭᠢᠯᠡᠵᠠᠢ
6 ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃
ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠬᠤᠲᠠ ᠶᠢᠨ ᠰᠢᠩᠴᠢᠩ ᠲᠣᠭᠤᠷᠢᠭ ᠤᠨ ᠹᠦᠶᠠᠩ ᠱᠣᠷᠣᠯᠢᠭ ᠤᠨ ᠭᠠᠵᠠᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠨ ᠂ 《 ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ 》 ᠬᠠᠷᠢᠭᠤᠴᠠᠯᠭᠠᠲᠤ ᠰᠡᠳᠬᠢᠯᠭᠡ ᠪᠠᠷ ᠦᠢᠯᠡᠳᠪᠦᠷᠢᠯᠡᠯ ᠤᠨ ᠳᠦᠷᠢᠮ ᠢ ᠱᠠᠯᠠᠪᠳᠠᠭᠤᠯᠤᠨ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠂ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠃ ᠲᠤᠰᠬᠠᠢ ᠴᠡᠭᠴᠡᠯᠡᠨ ᠵᠠᠰᠠᠵᠤ ᠵᠢᠭᠰᠠᠭᠠᠨ ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢᠨ ᠭᠡᠮ ᠰᠣᠭᠤᠭ ᠢ ᠬᠥᠮᠥᠨ ᠳᠤ ᠭᠦᠷᠲᠡᠯ᠎ᠡ ᠨᠠᠶᠢᠳᠠᠪᠤᠷᠢᠵᠢᠭᠤᠯᠵᠤ ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠳᠡᠯ ᠪᠤᠯᠭᠠᠵᠤ ᠶᠠᠭᠠᠬᠢᠭᠰᠠᠨ ᠴᠤ ᠪᠤᠯᠬᠤ ᠦᠭᠡᠢ ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠭᠡᠮ ᠰᠣᠭᠤᠭ ᠢ ᠨᠡᠶᠢᠳᠡᠮ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ 《 ᠠᠮᠤᠷ ᠲᠦᠪᠰᠢᠨ ᠤ ᠨᠡᠭᠡᠯᠡᠭᠡᠢ 》 ᠶᠢ ᠦᠨᠡᠨ ᠬᠦ ᠴᠢᠩᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ 《 ᠦᠨᠡᠨ 》 ᠰᠡᠳᠬᠦᠯ ᠳᠤ ᠨᠡᠶᠢᠲᠡᠯᠡᠭᠰᠡᠨ 《 ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠦᠷᠢᠨᠰᠢᠭᠦᠯᠵᠦ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ 》 ᠭᠡᠬᠦ ᠴᠢᠬᠤᠯᠠ ᠵᠣᠬᠢᠶᠠᠯ ᠢ ᠭᠦᠨᠵᠡᠭᠡᠢ ᠰᠤᠷᠤᠯᠴᠠᠨ ᠂ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠠᠢ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠰᠤᠷᠤᠯᠴᠠᠨ ᠲᠠᠢ ᠤᠶᠠᠯᠳᠤᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠰᠤᠷᠠᠯᠲᠠ ᠦᠭᠡᠢ ᠪᠦᠷᠢᠨᠰᠢᠭᠦᠯᠵᠦ ᠂ ᠥᠪᠥᠷ ᠮᠣᠩᠭᠤᠯ ᠤᠨ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠂ ᠳᠤᠮᠳᠠᠳᠤ ᠤᠯᠤᠰ ᠤᠨ ᠮᠠᠶ᠋ᠢᠭ ᠤᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠣᠯᠣᠨ ᠴᠢᠭᠯᠡᠯ ᠢ ᠪᠠᠲᠤ ᠡᠵᠡᠮᠳᠡᠵᠦ ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠵᠤ ᠂ ᠨᠡᠩ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ ᠃ ᠡᠪ ᠬᠠᠮᠲᠤ ᠵᠠᠯᠠᠭᠤᠴᠤᠳ ᠤᠨ ᠡᠪᠯᠡᠯ ᠨᠢ ᠭᠤᠣᠯᠳᠠᠯᠭ᠎ᠠ ᠶᠢᠨ ᠲᠣᠭᠤᠷᠢᠨ ᠳᠤ ᠂ ᠶᠡᠭᠡ ᠲᠠᠯ᠎ᠠ ᠳᠤ ᠦᠢᠯᠡᠴᠢᠯᠡᠵᠦ ᠂ ᠬᠡᠶᠢᠰᠪᠦᠷᠢ ᠠᠵᠢᠯ ᠢ ᠪᠣᠳᠠᠲᠠᠢ ᠬᠢᠬᠦ ᠶᠢ ᠪᠠᠷᠢᠮᠲᠠᠯᠠᠵᠤ ᠂ ᠵᠠᠯᠠᠭᠤᠴᠤᠳ ᠢ ᠥᠷᠭᠡᠨ ᠢᠶᠠᠷ ᠵᠣᠬᠢᠶᠠᠨ ᠪᠠᠶᠢᠭᠤᠯᠤᠨ ᠲᠠᠶᠢᠴᠢᠯᠠᠵᠥ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠂ ᠠᠷᠪᠠᠨ ᠲᠠᠪᠤᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠂ 《 ᠭᠦ᠋ ᠯᠢᠩ ᠤᠨ ᠬᠤᠪᠢ ᠪᠠᠷᠢᠯᠳᠤᠯᠭ᠎ᠠ 》 ᠳᠤᠮᠳᠠᠳᠤ ᠠᠮᠧᠷᠢᠺᠠ ᠶᠢᠨ ᠠᠷᠠᠳ ᠤᠨ ᠨᠥᠬᠦᠷᠯᠡᠯ ᠤᠨ ᠶᠠᠷᠢᠶᠠᠨ ᠤ ᠲᠠᠪᠴᠠᠩ ᠳᠤ ᠢᠯᠡᠭᠡᠭᠰᠡᠨ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠣᠯᠣᠨ ᠪᠧᠯᠭᠢ ᠶᠢᠨ ᠨᠠᠷᠠᠲᠤ ᠨᠥᠭᠦᠷᠰᠡᠭ ᠬᠥᠮᠥᠨ ᠳ᠋ᠦᠩ ᠪᠦᠸᠧ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠬᠥᠮᠥᠨ ᠤ ᠡᠷᠬᠡ ᠶᠢ ᠪᠠᠲᠤᠯᠠᠬᠤ ᠂ ᠲᠠᠶᠢᠸᠠᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠂ ᠠᠮᠧᠷᠢᠺᠠ ᠯᠤᠭ᠎ᠠ ᠶᠢᠨ ᠠᠷᠠᠳ ᠤᠨ ᠬᠤᠭᠤᠷᠣᠨᠳᠣᠭᠢ ᠰᠣᠯᠢᠯᠴᠠᠭ᠎ᠠ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ ᠃
ᠬᠤᠷᠠᠯ ᠠᠴᠠ ᠪᠦᠭᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠪᠠᠶᠢᠳᠠᠯ ᠪᠣᠯᠣᠨ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠠᠵᠢᠯ ᠣᠯᠭᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠢᠳᠡᠪᠬᠢᠲᠡᠢ ᠥᠷᠭᠡᠳᠬᠡᠨ ᠂ ᠠᠵᠢᠯ ᠣᠯᠭᠤᠯᠲᠠ ᠶᠢᠨ ᠦᠢᠯᠡᠴᠢᠯᠡᠭᠡ ᠂ ᠠᠵᠢᠯ ᠠᠯᠳᠠᠯᠲᠠ ᠶᠢᠨ ᠪᠠᠲᠤᠯᠠᠭ᠎ᠠ ᠂ ᠵᠥᠷᠢᠴᠡᠯ ᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠪᠦᠭᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ ᠂ ᠣᠳᠣᠬᠠᠨ ᠤ ᠪᠠᠶᠢᠳᠠᠯ ᠳᠤ ᠰᠠᠭᠤᠷᠢᠯᠠᠨ ᠂ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠳᠠᠯᠳᠠ ᠬᠦᠴᠦᠨ ᠢ ᠠᠭᠤᠳᠠᠯᠬᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠬᠥᠲᠥᠯᠥᠨ ᠵᠢᠯᠤᠭᠤᠳᠬᠤ ᠂ ᠠᠵᠢᠯ ᠰᠣᠩᠭᠤᠬᠤ ᠶᠢ ᠬᠥᠲᠥᠯᠥᠨ ᠵᠢᠯᠤᠭᠤᠳᠬᠤ ᠪᠠ ᠠᠵᠢᠯ ᠣᠯᠭᠤᠬᠤ ᠦᠢᠯᠡᠴᠢᠯᠡᠭᠡ ᠶᠢ ᠴᠢᠩᠭᠠᠳᠬᠠᠬᠤ ᠂ ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠮᠵᠢᠯᠴᠠᠨ ᠬᠦᠴᠦᠯᠡᠬᠦ ᠪᠠᠷ ᠪᠠᠷᠠᠬᠤ ᠦᠭᠡᠢ ᠂ ᠪᠠᠰᠠ ᠠᠯᠤᠰ ᠭᠡᠲᠦ ᠶᠢ ᠪᠣᠳᠣᠯᠬᠢᠯᠠᠨ ᠶᠡᠭᠡ ᠬᠦᠴᠦ ᠣᠷᠣᠭᠤᠯᠵᠤ ᠪᠠᠶᠢᠭᠠᠳ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠢ 7 ᠰᠠᠷ᠎ᠠ ᠶᠢᠨ 3 ᠠᠴᠠ 5 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠭᠤᠯᠬᠤ ᠪᠠᠷ ᠪᠣᠯᠵᠤ ᠂ ᠭᠤᠣᠯ ᠡᠭᠦᠷᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠠᠵᠢᠯ ᠢ ᠪᠦᠭᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ 》 ᠢ ᠬᠢᠨᠠᠨ ᠵᠥᠪᠯᠡᠬᠦ ᠪᠠᠷ ᠲᠣᠭᠲᠠᠪᠠ ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃