ᠵᠤᠬᠢᠶᠠᠭᠴᠢ:
ᠴᠠᠭ:2023-07-21
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠳᠤᠮᠳᠠᠳᠤ ᠺᠠᠮᠪᠤᠵᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠳᠤ ᠵᠣᠷᠢᠭᠤᠯᠤᠨ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ ᠯᠢ ᠴᠢᠶᠠᠩ ᠪᠣᠯᠣᠨ ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 7 19 ᠤ ᠴᠠᠭᠢᠯᠭᠠᠨ ᠮᠡᠳᠡᠭᠡ 7 ᠰᠠᠷ᠎ᠠ ᠶᠢᠨ 19 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠺᠠᠮᠪᠤᠵᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠳᠤ ᠵᠣᠷᠢᠭᠤᠯᠤᠨ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ ᠃
ᠰᠢ ᠶᠢᠨ ᠫᠢᠩ ᠂ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠲᠤᠷᠰᠢ ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠂ ᠶᠠᠪᠤᠬᠤ ᠲᠤᠳᠤᠮ ᠪᠠᠬᠢᠵᠢᠪᠡ ᠃ ᠡᠨᠡ ᠵᠢᠯ ᠤᠨ ᠡᠬᠢ ᠪᠠᠷ ᠂ ᠪᠢᠳᠡ ᠪᠡᠭᠡᠵᠢᠩ ᠳᠤ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠤᠳᠠᠭ᠎ᠠ ᠬᠠᠷᠢᠯᠴᠠᠨ ᠵᠠᠬᠢᠳᠠᠯ ᠴᠠᠭᠢᠯᠭᠠᠨ ᠴᠢᠮᠡᠭᠡ ᠶᠠᠪᠤᠭᠤᠯᠵᠤ ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠢ ᠂ ᠥᠨᠳᠥᠷ ᠲᠦᠪᠰᠢᠨ ᠲᠠᠢ ᠂ ᠥᠨᠳᠥᠷ ᠪᠠᠷᠢᠮᠵᠢᠶ᠎ᠠ ᠲᠠᠢ ᠰᠢᠨ᠎ᠡ ᠴᠠᠭ ᠦᠶ᠎ᠡ ᠳᠤ ᠣᠷᠣᠬᠤ ᠶᠢ ᠬᠠᠮᠲᠤ ᠪᠠᠷ ᠬᠥᠲᠥᠯᠥᠨ ᠳᠠᠭᠠᠭᠤᠯᠪᠠ ᠃ ᠳᠤᠮᠳᠠᠳᠤ ᠺᠠᠮᠪᠤᠵᠠ ᠶᠢᠨ 《 ᠠᠯᠮᠠᠰ ᠴᠢᠯᠠᠭᠤ ᠶᠢᠨ ᠵᠢᠷᠭᠤᠭᠠᠨ ᠲᠠᠯ᠎ᠠ 》 ᠶᠢᠨ ᠬᠠᠮᠲᠤᠷᠠᠯᠴᠠᠭᠠᠨ ᠤ ᠪᠦᠲᠦᠴᠡ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠵᠤ ᠂ 《 ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ 》 ᠪᠠ 《 ᠠᠮᠤ ᠵᠢᠭᠠᠰᠤᠨ ᠤ ᠦᠢᠯᠡᠰ ᠤᠨ ᠬᠤᠩᠭᠢᠯ 》 ᠤᠨ ᠪᠦᠲᠦᠭᠡᠨ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠵᠤ ᠂ ᠳᠤᠮᠳᠠᠳᠤ ᠺᠠᠮᠪᠤᠵᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠣᠶ ᠵᠢᠴᠢ ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ ᠤ ᠰᠢᠷᠢᠰ ᠪᠡᠯᠭᠡᠯᠡᠬᠦ ᠠᠵᠢᠯᠯᠠᠭ᠎ᠠ ᠶᠢ ᠠᠮᠢᠳᠤᠯᠢᠭ ᠰᠠᠶᠢᠬᠠᠨ ᠡᠷᠭᠢᠯᠡᠪᠡ ᠃ ᠪᠢ ᠳᠤᠮᠳᠠᠳᠤ ᠺᠠᠮᠪᠤᠵᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠤᠯᠤᠰ ᠤᠨ ᠸᠠᠩ ᠰᠢᠬᠠᠮᠦᠨᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠺᠠᠮᠪᠤᠵᠠ ᠶᠢᠨ ᠨᠥᠬᠦᠷᠯᠡᠯ ᠤᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠨ᠎ᠡ ᠭᠡᠵᠦ ᠵᠢᠭᠠᠵᠤ ᠭᠠᠷᠭᠠᠪᠠ ᠃
ᠰᠢᠬᠠᠮᠦᠨᠢ ᠂ ᠺᠠᠮᠪᠤᠵᠠ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠃ ᠬᠤᠶᠠᠷ ᠤᠯᠤᠰ ᠢᠶᠠᠷ ᠢᠶᠠᠨ ᠳᠡᠭᠡᠳᠦ ᠬᠡᠮᠵᠢᠶ᠎ᠡ ᠪᠠᠷ ᠬᠠᠷᠢᠯᠴᠠᠨ ᠢᠲᠡᠭᠡᠯᠴᠡᠵᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠠᠭᠤᠷᠢᠨ ᠳᠡᠭᠡᠷ᠎ᠡ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠵᠤ ᠂ 《 ᠴᠢᠩ ᠦᠨᠡᠨᠴᠢ 》 ᠨᠥᠬᠦᠷᠯᠡᠯ ᠢ ᠪᠠᠶᠢᠭᠤᠯᠵᠠᠢ ᠃ ᠰᠢᠨ᠎ᠡ ᠪᠠᠶᠢᠳᠠᠯ ᠳᠣᠣᠷ᠎ᠠ ᠂ ᠺᠠᠮᠪᠤᠵᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠪᠣᠯᠣᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠯᠠᠪᠲᠠᠢ ᠦᠷᠭᠦᠯᠵᠢᠯᠡᠨ ᠪᠠᠬᠢᠵᠢᠵᠦ ᠂ ᠬᠤᠶᠠᠷ ᠤᠯᠤᠰ ᠤᠨ 《 ᠴᠢᠩ ᠦᠨᠡᠨᠴᠢ 》 ᠨᠥᠬᠦᠷᠯᠡᠯ ᠯᠠᠪᠲᠠᠢ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠭᠠᠷ ᠬᠤᠯᠪᠣᠯᠴᠠᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ ᠃
ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ ᠃ ᠯᠢ ᠴᠢᠶᠠᠩ ᠂ ᠡᠨᠡ ᠵᠢᠯ ᠪᠣᠯ ᠳᠤᠮᠳᠠᠳᠤ ᠺᠠᠮᠪᠤᠵᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠ ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ ᠪᠣᠯᠣᠨ᠎ᠠ ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠰᠢᠨ᠎ᠡ ᠭᠠᠷᠤᠭ᠎ᠠ ᠳᠤ ᠵᠣᠭᠰᠣᠪᠠ ᠃ ᠪᠢ ᠳᠤᠷᠠᠲᠠᠶ᠎ᠠ ᠲᠡᠷᠢᠭᠦᠨ ᠰᠠᠶᠢᠳ ᠬᠤᠩᠰᠧᠨ ᠲᠠᠢ ᠬᠠᠮᠲᠤ ᠪᠠᠷ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠢ ᠵᠢᠯᠤᠭᠤᠳᠴᠤ ᠬᠦᠴᠦ ᠪᠠᠨ ᠬᠠᠮᠲᠤᠳᠬᠠᠨ ᠬᠠᠮᠲᠤᠷᠠᠯᠴᠠᠵᠤ ᠂ ᠳᠤᠮᠳᠠᠳᠤ ᠺᠠᠮᠪᠤᠵᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃
ᠬᠤᠩᠰᠧᠨ ᠂ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ ᠳᠤᠷᠠᠳᠤᠭᠰᠠᠨ 《 ᠨᠢᠭᠡ ᠪᠦᠰᠡ ᠨᠢᠭᠡ ᠵᠠᠮ 》 ᠤᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠵᠡᠷᠭᠡ ᠴᠢᠬᠤᠯᠠ ᠶᠡᠭᠡ ᠰᠠᠨᠠᠭᠠᠴᠢᠯᠠᠭ᠎ᠠ ᠶᠢ ᠲᠡᠮᠵᠢᠵᠤ ᠂ ᠳᠤᠷᠠᠲᠠᠶ᠎ᠠ ᠳᠤᠮᠳᠠᠳᠤ ᠤᠯᠤᠰ ᠲᠠᠢ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃